ᠢᠦᠶ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2024/3/8
     ᠯᠧᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠤᠨ ᠦᠢᠯᠡᠳᠦᠯᠭᠡᠵᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠣᠶᠢᠯᠠᠭᠠᠭᠳᠠᠬᠤᠨ ᠢ ᠤᠯᠠᠮᠵᠢᠯᠠᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠢᠦᠶ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠠᠷᠠᠳ ᠤᠨ ᠲᠤᠰᠠᠯᠠᠬᠤ ᠴᠠᠭᠳᠠᠭ᠎ᠠ ᠪᠠᠷ ᠪᠦᠷᠢᠯᠳᠦᠭᠰᠡᠨ ︽ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾ ︽ᠯᠧᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ︾ ᠢ ᠳᠤᠷᠠᠰᠬᠠᠬᠤ ᠵᠢᠴᠢ ᠳᠠᠭᠠᠭᠠᠴᠢᠯᠠᠨ ᠬᠤᠯᠪᠤᠭᠠᠯᠠᠭᠰᠠᠨ ᠨᠡᠶᠢᠭᠡᠮ ᠲᠣᠭᠤᠷᠢᠭ ᠲᠤ ᠬᠦᠷᠴᠦ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠶ ᠦᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠯᠧᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠪᠠ᠃      ᠠᠵᠢᠯᠯᠠᠭ᠎ᠠ ᠶᠢᠨ ᠳᠤᠮᠳᠠ ︽ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ︾ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠢᠴᠢ ᠠᠷᠠᠳ ᠣᠯᠠᠨ ᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ ᠲᠥᠭᠡᠷᠢᠭᠳᠡᠯ ᠢ ᠲᠠᠶᠢᠯᠬᠤ ᠵᠡᠷᠭᠡ ᠬᠡᠯᠪᠡᠷᠢ ᠪᠠᠷ ᠳᠠᠮᠵᠢᠭᠤᠯᠤᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠬᠢᠵᠡᠶ᠃ ᠤᠬᠠᠭᠤᠯᠭ᠎ᠠ ᠶᠢᠨ ᠠᠷᠠᠳ ᠤᠨ ᠴᠠᠭᠳᠠᠭ᠎ᠠ ᠣᠶᠢᠷ᠎ᠠ ᠶᠢᠨ ᠬᠤᠭᠤᠴᠠᠭᠠᠨ ᠤ ᠴᠠᠬᠢᠯᠭᠠᠨ ᠬᠤᠯᠪᠣᠭᠠᠨ ᠤ ᠮᠡᠬᠡᠯᠡᠯ ᠤᠨ ᠬᠡᠷᠡᠭ ᠲᠤ ᠢᠯᠡᠷᠡᠭᠰᠡᠨ ᠰᠢᠨ᠎ᠡ ᠪᠠᠶᠢᠳᠠᠯ᠂ ᠰᠢᠨ᠎ᠡ ᠣᠨᠴᠠᠯᠢᠭ ᠲᠤ ᠴᠢᠭᠯᠡᠭᠦᠯᠦᠨ᠂ ᠬᠠᠷᠢᠶ᠎ᠠ ᠣᠷᠣᠨ ᠳᠤ ᠡᠭᠦᠰᠦᠭᠰᠡᠨ ᠵᠠᠷᠢᠮ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠠᠵᠢᠯᠯᠠᠭ᠎ᠠ ᠳᠤ ᠣᠷᠣᠯᠴᠠᠭᠰᠠᠨ ᠣᠯᠠᠨ ᠲᠦᠮᠡᠨ ᠳᠤ ᠴᠠᠬᠢᠯᠭᠠᠨ ᠬᠤᠯᠪᠣᠭᠠᠨ ᠤ ᠮᠡᠬᠡᠯᠡᠯ ᠤᠨ ᠬᠤᠤᠷ ᠬᠥᠨᠥᠭᠡᠯ ᠢ ᠲᠠᠶᠢᠯᠪᠤᠷᠢᠯᠠᠨ ᠥᠭᠴᠦ᠂ ᠴᠠᠬᠢᠯᠭᠠᠨ ᠬᠤᠯᠪᠣᠭᠠᠨ ᠤ ᠮᠡᠬᠡᠯᠡᠯ ᠢ ᠤᠷᠢᠳᠴᠢᠯᠠᠨ ᠰᠡᠷᠭᠡᠶᠢᠯᠡᠵᠦ ᠢᠯᠭᠠᠨ ᠲᠠᠨᠢᠬᠤ ᠮᠡᠳᠡᠯᠭᠡ ᠪᠠ ᠰᠡᠷᠭᠡᠶᠢᠯᠡᠬᠦ ᠤᠷ᠎ᠠ ᠮᠡᠷᠭᠡᠵᠢᠯ ᠢ ᠤᠯᠠᠮᠵᠢᠯᠠᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠥᠪᠡᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠨᠢ ᠳᠡᠭᠡᠭᠰᠢᠯᠡᠭᠦᠯᠪᠡ᠃ ᠲᠣᠰ ᠤᠳᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠴᠠᠭᠳᠠᠭ᠎ᠠ ᠠᠷᠠᠳ ᠤᠨ ᠬᠠᠷᠢᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠣᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠴᠢᠩᠭᠠᠷᠠᠭᠤᠯᠤᠨ᠂ ᠯᠸᠢ ᠹᠧᠩ ᠤᠨ ᠵᠣᠷᠢᠭ ᠰᠠᠨᠠᠭ᠎ᠠ᠂ ᠬᠥᠮᠦᠨ ᠪᠦᠬᠦᠨ ᠰᠤᠷᠤᠯᠴᠠᠵᠤ ᠪᠣᠯᠬᠤ᠂ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠬᠤ᠂ ᠭᠠᠵᠠᠷ ᠪᠣᠯᠭᠠᠨ ᠳᠤ ᠠᠵᠢᠯᠯᠠᠵᠤ ᠪᠣᠯᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠠᠶ᠃ ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠡᠳᠦᠷ ᠳᠤᠳᠤᠮ ᠤᠨ ᠠᠵᠢᠯ ᠳᠤᠮᠳᠠ ᠪᠠᠨ ᠪᠠᠶᠢᠩᠭᠤᠵᠢᠭᠰᠠᠨ᠂ ᠨᠠᠷᠢᠯᠢᠬᠵᠢᠭᠰᠠᠨ ᠠᠮᠤᠷ ᠲᠦᠪᠰᠢᠨ ᠤ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠵᠦ᠂ ᠠᠮᠤᠷ ᠲᠦᠪᠰᠢᠨ ᠤ ᠬᠠᠯᠬᠠᠪᠴᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠬᠢᠵᠢᠭᠦᠯᠵᠦ᠂ ᠬᠠᠷᠢᠶ᠎ᠠ ᠣᠷᠣᠨ ᠤ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠪᠣᠯᠤᠨ᠎ᠠ᠃          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号