ᠢᠦᠶ ᠴᠢᠤᠸᠠᠨ ᠲᠣᠭᠤᠷᠢᠭ ︽ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠶ ᠰᠢᠢᠳᠪᠦᠷᠢᠯᠡᠬᠦ︾ ᠠᠵᠢᠯ ᠤᠨ ᠪᠣᠯᠵᠣᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/1
     ᠲᠦᠷᠦᠭᠦᠬᠡᠨ᠂ ᠢᠦᠶ ᠴᠢᠤᠸᠠᠨ ᠲᠣᠭᠤᠷᠢᠭ ︽ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠶ ᠰᠢᠢᠳᠪᠦᠷᠢᠯᠡᠬᠦ︾ ᠠᠵᠢᠯ ᠤᠨ ᠪᠣᠯᠵᠣᠨ ᠶᠠᠷᠢᠯᠴᠠᠬᠤ ᠬᠤᠷᠠᠯ ᠬᠤᠷᠠᠯᠳᠤᠭᠤᠯᠪᠠ᠃      ᠬᠤᠷᠠᠯ ᠳᠡᠭᠡᠷ᠎ᠡ ᠪᠥᠬᠦ ᠲᠤᠭᠤᠷᠢᠭ ᠤᠨ ︽ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠶ ᠰᠢᠢᠳᠪᠦᠷᠢᠯᠡᠬᠦ︾ ᠣᠶᠢᠷ᠎ᠠ ᠶᠢᠨ ᠬᠤᠭᠤᠴᠠᠭᠠᠨ ᠤ ᠠᠵᠢᠯ ᠤᠨ ᠪᠠᠶᠢᠳᠠᠯ ᠢ ᠮᠡᠳᠡᠭᠳᠡᠵᠦ᠂ ᠣᠯᠠᠨ ᠲᠦᠮᠡᠨ ᠤ ᠲᠤᠰᠬᠠᠭᠰᠠᠨ ︽ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠶ ᠰᠢᠢᠳᠪᠦᠷᠢᠯᠡᠬᠦ︾ ᠠᠰᠠᠭᠤᠳᠠᠯ ᠢ ᠰᠢᠢᠳᠪᠦᠷᠢᠯᠡᠬᠦ ᠶᠠᠪᠤᠴᠠ ᠳᠤ ᠴᠢᠬᠤᠯᠠᠴᠢᠯᠠᠭᠰᠠᠨ ᠢᠶᠠᠷ ᠬᠦᠷᠦᠯᠴᠡᠬᠦ ᠥᠬᠡᠶ᠂ ᠰᠢᠢᠳᠪᠦᠷᠢᠯᠡᠭᠰᠡᠨ ᠠᠬᠢᠴᠠ ᠤᠳᠠᠭᠠᠨ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠳᠣᠤᠷ᠎ᠠ ᠵᠡᠷᠭᠡ ᠠᠰᠠᠭᠤᠳᠠᠯ ᠳᠤ ᠴᠢᠭᠯᠡᠭᠦᠯᠦᠨ᠂ ᠢᠦᠶ ᠴᠢᠤᠸᠠᠨ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠢᠦᠶ ᠴᠢᠤᠸᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠢᠦᠶ ᠴᠢᠤᠸᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢᠭᠡᠴᠢ ᠶᠢᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠪᠠ᠃      ᠳᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠬᠢᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠ ᠪᠣᠳᠠᠲᠠᠶ ᠬᠦᠰᠡᠯ ᠱᠠᠭᠠᠷᠳᠠᠯᠭ᠎ᠠ ᠠᠴᠠ ᠡᠭᠦᠰᠴᠦ᠂ ᠠᠷᠠᠳ ᠤᠯᠠᠨ ᠳᠤ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠯᠠᠪᠳᠠᠭᠤᠨ ᠢᠶᠠᠷ ᠰᠢᠢᠳᠪᠦᠷᠢᠯᠡᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠰᠢᠮᠳᠠᠭᠤᠯᠤᠨ ᠰᠢᠢᠳᠪᠦᠷᠢᠯᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠶ ᠰᠢᠢᠳᠪᠦᠷᠢᠯᠡᠬᠦ ᠠᠵᠢᠯ ᠡᠷᠬᠢᠯᠡᠬᠦ ᠬᠠᠭᠤᠳᠠᠰᠤ ᠶᠢ ᠳᠠᠭᠠᠬᠤ ᠨᠤᠷᠮ᠎ᠠ᠂ ᠰᠢᠢᠳᠪᠦᠷᠢᠯᠡᠬᠦ ᠨᠤᠷᠮ᠎ᠠ᠂ ᠬᠠᠨᠤᠮᠵᠢᠲᠠᠶ ᠪᠠᠶᠢᠬᠤ ᠨᠤᠷᠮ᠎ᠠ ᠪᠠ ᠴᠠᠭ ᠲᠤᠬᠠᠶ ᠳᠤᠨᠢ ᠰᠢᠢᠳᠪᠦᠷᠢᠯᠡᠵᠦ ᠳᠠᠭᠤᠰᠬᠠᠬᠤ ᠨᠤᠷᠮ᠎ᠠ ᠶᠢ ᠠᠵᠢᠯ ᠤᠨ ᠦᠷ᠎ᠡ ᠪᠦᠲᠦᠮᠵᠢ ᠶᠢ ᠰᠢᠯᠭᠠᠬᠤ ᠴᠢᠬᠤᠯᠠ ᠪᠠᠷᠢᠮᠵᠢᠶ᠎ᠠ ᠪᠣᠯᠭᠠᠵᠤ᠂ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠤᠳᠠᠭᠠᠨ ᠬᠢᠬᠦ ᠵᠡᠷᠭᠡ ᠦᠢᠯᠡ ᠠᠵᠢᠯᠯᠠᠭ᠎ᠠ ᠠᠴᠠ ᠡᠷᠡᠰ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃             ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号