2024 ᠣᠨ ᠤ ᠢᠦᠶ ᠴᠢᠤᠸᠠᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠡᠨᠧᠷᠭᠢ ᠠᠷᠪᠢᠯᠠᠬᠤ ᠠᠮᠠᠯᠠᠯᠲᠠ ᠶᠢ ᠳᠠᠩᠰᠠᠯᠠᠭᠤᠯᠬᠤ ᠬᠠᠮᠢᠶᠠᠷᠤᠯᠲᠠ ᠶᠢᠨ ᠲᠥᠷᠥᠯ ᠵᠦᠢᠯ ᠤᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2024/4/1
     ︽ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠣᠷᠣᠨ ᠪᠦᠰᠡ ᠶᠢᠨ ᠡᠨᠧᠷᠭᠢ ᠠᠷᠪᠢᠯᠠᠬᠤ ᠶᠢ ᠦᠨᠡᠯᠡᠨ ᠵᠢᠱᠢᠭᠰᠡᠨ ᠮᠡᠳᠡᠭᠦᠯᠦᠯᠲᠡ ᠶᠢ ᠬᠢᠨᠠᠨ ᠪᠠᠶᠢᠴᠠᠭᠠᠭᠰᠠᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠰᠠᠨᠠᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠲᠣᠭᠤᠷᠢᠨ ᠤ ᠡᠬᠢ ᠪᠠᠶᠠᠯᠢᠭ ᠥᠰᠥᠭ  ﹇2022﹈ 1264 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠢ ᠦᠨᠳᠦᠰᠦᠯᠡᠪᠡᠯ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠡᠪᠴᠢᠶᠡᠨ ᠳᠠᠬᠢ ᠵᠢᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠨᠢ 5000 ᠲᠣᠨ ︵ᠲᠡᠩᠴᠡᠯ  ᠤᠨ ᠬᠡᠮᠵᠢᠭᠳᠡᠯ︶ ᠠᠴᠠ ᠳᠣᠷᠣᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ᠂ ᠤᠯᠤᠰ ᠠᠴᠠ ᠮᠤᠵᠢ ᠶᠢᠨ ᠱᠠᠲᠤᠨ ᠤ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠭᠰᠠᠨ ᠰᠠᠨᠠᠯ ᠭᠠᠷᠭᠠᠬᠤ ᠴᠢᠬᠤᠯᠠᠲᠠᠶ ᠭᠡᠵᠦ ᠲᠣᠳᠣᠷᠬᠠᠶ ᠲᠣᠭᠲᠠᠭᠠᠭᠰᠠᠨ ᠢ ᠭᠠᠷᠭᠠᠪᠠᠯ᠂ ᠪᠦᠬᠦᠨ ᠢ ᠣᠷᠣᠨ ᠪᠦᠰᠡ ᠶᠢᠨ ᠡᠨᠧᠷᠭᠢ ᠠᠷᠪᠢᠯᠠᠬᠤ ᠶᠢ ᠦᠨᠡᠯᠡᠨ ᠵᠢᠱᠢᠬᠦ ᠵᠥᠪ ᠲᠠᠯ᠎ᠠ ᠶᠢᠨ ᠨᠠᠷᠢᠨ ᠬᠠᠭᠤᠳᠠᠰᠤᠨ ᠳᠤ ᠣᠷᠣᠭᠤᠯᠵᠤ᠂ ᠡᠨᠧᠷᠭᠢ ᠠᠷᠪᠢᠯᠠᠬᠤ ᠶᠢ ᠠᠮᠠᠯᠠᠨ ᠳᠠᠩᠰᠠᠯᠠᠭᠤᠯᠬᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠳᠦᠭᠡ 2024 ᠣᠨ ᠤ ᠢᠦᠶ ᠴᠢᠤᠸᠠᠨ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠡᠨᠧᠷᠭᠢ ᠠᠷᠪᠢᠯᠠᠬᠤ ᠠᠮᠠᠯᠠᠯᠲᠠ ᠶᠢ ᠳᠠᠩᠰᠠᠯᠠᠭᠤᠯᠬᠤ ᠬᠠᠮᠢᠶᠠᠷᠤᠯᠲᠠ ᠶᠢᠨ ᠲᠥᠷᠥᠯ ᠵᠦᠢᠯ ᠢ ᠵᠠᠷᠯᠠᠨ  ᠨᠡᠶᠢᠲᠡᠯᠡᠶ᠎ᠡ᠃ ᠲᠥᠷᠥᠯ ᠵᠦᠢᠯ ᠤᠨ ᠦᠨᠳᠦᠰᠦᠨ ᠪᠠᠶᠢᠳᠠᠯ ᠨᠢ ᠳᠣᠤᠷᠠᠬᠢ ᠮᠡᠲᠦ᠄      ᠨᠢᠭᠡ᠂ ᠲᠥᠷᠥᠯ ᠵᠦᠢᠯ ᠤᠨ ᠨᠡᠷᠡᠶᠢᠳᠦᠯ᠄ ᠸᠠᠨ ᠶᠢᠨ · ᠺᠤᠸᠠᠨ ᠶᠤᠸᠠᠢ︔      ᠬᠤᠶᠠᠷ᠂ ᠲᠥᠷᠥᠯ ᠵᠦᠢᠯ ᠤᠨ ᠣᠷᠣᠯᠠᠬᠤ ᠨᠣᠮᠧᠷ᠄ 2311 — 150104 — 89 — 01 — 603938︔      ᠭᠤᠷᠪᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠢ᠄ ᠬᠥᠬᠡᠬᠤᠲᠠ ᠶᠢᠨ ᠫᠧᠩ ᠱᠧᠩ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ︔      ᠳᠥᠷᠪᠡ᠂ ᠪᠥᠲᠥᠭᠡᠨ ᠪᠠᠶᠢᠭᠤᠯᠬᠤ ᠭᠠᠵᠠᠷ᠄ ᠢᠦᠢ ᠴᠢᠤᠸᠠᠨ ᠲᠤᠭᠤᠷᠢᠭ ᠤᠨ ᠪᠢᠨ ᠾᠧ ᠬᠤᠶᠢᠲᠤ ᠵᠠᠮ ᠠᠴᠠ ᠤᠮᠠᠷᠠᠰᠢ᠂ ᠰᠢᠰᠢ ᠶᠢᠨ ᠪᠠᠶᠢᠰᠢᠩ ᠡᠮᠦᠨ᠎ᠡ ᠵᠠᠮ ᠠᠴᠠ ᠪᠠᠷᠠᠭᠤᠨᠰᠢ︔      ᠲᠠᠪᠤ᠂ ᠲᠥᠷᠥᠯ ᠵᠦᠢᠯ ᠤᠨ ᠣᠨ ᠤ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ᠄ 1644.22 ᠲᠣᠨ ᠪᠠᠷᠢᠮᠵᠢᠶᠠᠲᠤ ᠨᠡᠭᠦᠷᠡᠰᠦ ︵ᠲᠡᠩᠴᠡᠯ ᠤᠨ ᠬᠡᠮᠵᠢᠭᠳᠡᠯ︶︔      ᠵᠢᠷᠭᠤᠭ᠎ᠠ᠂ ᠲᠥᠷᠥᠯ ᠵᠦᠢᠯ ᠤᠨ ᠵᠢᠯ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠡᠮᠵᠢᠶ᠎ᠡ᠄ 4919.11tCO₂︔      ᠳᠡᠭᠡᠷᠡᠬᠢ ᠡᠨᠧᠷᠭᠢ ᠠᠷᠪᠢᠯᠠᠬᠤ ᠠᠮᠠᠯᠠᠯᠲᠠ ᠶᠢ ᠳᠠᠩᠰᠠᠯᠠᠭᠤᠯᠬᠤ ᠬᠠᠮᠢᠶᠠᠷᠤᠯᠲᠠ ᠶᠢᠨ ᠲᠥᠷᠥᠯ ᠵᠦᠢᠯ ᠤᠨ ᠨᠢᠭᠡᠴᠢ ᠨᠦᠭᠦᠳ ᠠᠮᠠᠯᠠᠯᠲᠠ ᠶᠢᠨ ᠪᠢᠴᠢᠭ ᠤᠨ ᠡᠨᠧᠷᠭᠢ ᠠᠷᠪᠢᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠪᠣᠳᠠᠲᠠᠶ ᠡᠨᠧᠷᠭᠢ ᠶᠢᠨ ᠬᠤᠷᠣᠭᠳᠠᠯ᠂ ᠨᠢᠭᠡᠴᠢ ᠨᠡᠮᠡᠭᠳᠡᠯ ᠥᠷᠲᠡᠭ ᠤᠨ ᠡᠨᠧᠷᠭᠢ ᠶᠢᠨ ᠬᠤᠷᠣᠭᠳᠠᠯ ᠪᠠ ᠨᠢᠭᠡᠴᠢ ᠪᠠᠷᠢᠯᠭ᠎ᠠ ᠶᠢᠨ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠯ ᠢ ᠠᠮᠠᠯᠠᠯᠲᠠ ᠶᠢᠨ ᠥᠷᠲᠡᠭ ᠤᠨ ᠬᠡᠪᠴᠢᠶ᠎ᠡ ᠠᠴᠠ ᠳᠠᠪᠠᠭᠤᠯᠬᠤ ᠥᠬᠡᠶ ᠪᠠᠶᠢᠬᠤ ᠶᠢᠨ ᠬᠠᠮᠲᠤ᠂ ᠪᠥᠲᠥᠭᠡᠨ ᠪᠠᠶᠢᠭᠤᠯᠬᠤ ᠲᠥᠰᠦᠯ ᠢᠶᠠᠨ ᠰᠢᠯᠢᠳᠡᠭᠵᠢᠭᠦᠯᠵᠦ᠂ ᠥᠨᠳᠥᠷ ᠪᠦᠲᠦᠮᠵᠢᠲᠡᠶ ᠡᠨᠧᠷᠭᠢ ᠠᠷᠪᠢᠯᠠᠬᠤ ᠲᠥᠬᠦᠭᠡᠷᠦᠮᠵᠢ ᠶᠢ ᠰᠣᠩᠭᠤᠨ ᠬᠡᠷᠡᠭᠯᠡᠵᠦ᠂ ᠡᠨᠧᠷᠭᠢ ᠠᠷᠪᠢᠯᠠᠬᠤ ᠬᠠᠮᠢᠶᠠᠷᠤᠯᠲᠠ ᠪᠠᠨ ᠴᠢᠩᠭᠠᠳᠬᠠᠵᠤ᠂ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠠᠴᠠ ᠡᠮᠦᠨ᠎ᠡ᠂ ᠮᠠᠨ ᠤ ᠵᠥᠪᠯᠡᠯ ᠠᠮᠠᠯᠠᠯᠲᠠ ᠶᠢᠨ ᠳᠠᠩᠰᠠᠯᠠᠭᠤᠯᠤᠭᠰᠠᠨ ᠠᠭᠤᠯᠭ᠎ᠠ ᠲᠠᠢ ᠬᠠᠷᠢᠴᠠᠭᠤᠯᠤᠨ ᠡᠨᠧᠷᠭᠢ ᠠᠷᠪᠢᠯᠠᠬᠤ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃            2024 ᠣᠨ ᠤ 3 ᠳ᠋ᠤᠭᠠᠷ ᠰᠠᠷ᠎ᠠ ᠶᠢᠨ 28 ᠤ ᠡᠳᠦᠷ         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号