3 ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ | ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠮᠲᠤᠷᠠᠨ ᠰᠤᠳᠤᠯᠤᠨ ᠨᠡᠭᠡᠭᠡᠭᠰᠡᠨ ᠤᠮᠠᠷᠠᠲᠤ ᠬᠢᠯᠢ ᠶᠢᠨ | ᠰᠣᠶᠣᠯ ᠤᠨ ᠡᠷᠲᠡᠨ ᠤ ᠨᠣᠮ ᠤᠨ ᠡᠬᠢ ᠪᠠᠶᠠᠯᠢᠭ ᠤᠨ ᠬᠥᠮᠥᠷᠭᠡ ᠶᠢᠨ ᠲᠠᠪᠴᠠᠩ ᠢ ᠨᠡᠶᠢᠲᠡᠯᠡᠬᠦ ᠶᠣᠰᠣᠯᠠᠯ ᠥᠪᠥᠷ | ᠮᠣᠩᠭᠤᠯ ᠤᠨ ᠶᠡᠭᠡ ᠰᠤᠷᠭᠠᠭᠤᠯᠢ ᠳᠤ ᠶᠠᠪᠤᠭᠳᠠᠪᠠ᠃ | ᠣᠶᠢᠯᠠᠭᠠᠭᠰᠠᠨ ᠢᠶᠠᠷ᠂ ᠤᠮᠠᠷᠠᠲᠤ ᠬᠢᠯᠢ ᠶᠢᠨ ᠰᠣᠶᠣᠯ ᠤᠨ ᠡᠷᠲᠡᠨ ᠤ ᠨᠣᠮ ᠤᠨ ᠡᠬᠢ ᠪᠠᠶᠠᠯᠢᠭ ᠤᠨ | ᠬᠥᠮᠥᠷᠭᠡ ᠶᠢᠨ ᠲᠠᠪᠴᠠᠩ ᠪᠣᠯ ᠦᠨᠳᠦᠰᠦᠲᠡᠨ ᠤ ᠡᠷᠲᠡᠨ ᠤ ᠨᠣᠮ ᠤᠨ ᠶᠡᠷᠦᠩᠬᠡᠶᠢᠯᠡᠭᠰᠡᠨ ᠬᠠᠮᠢᠶᠠᠷᠤᠯᠲᠠ᠂ ᠣᠯᠠᠨ | ᠬᠡᠯᠡᠨ ᠤ ᠡᠷᠲᠡᠨ ᠤ ᠨᠣᠮ ᠢ OCR ᠪᠠᠷ ᠢᠯᠭᠠᠨ ᠲᠠᠨᠢᠬᠤ᠂ ᠡᠷᠲᠡᠨ ᠤ ᠨᠣᠮ ᠢ ᠪᠦᠭᠦ ᠠᠭᠤᠯᠭ᠎ᠠ ᠪᠠᠷ ᠨᠢ ᠬᠠᠶᠢᠬᠤ᠂ | ᠦᠨᠳᠦᠰᠦᠲᠡᠨ ᠤ ᠡᠷᠲᠡᠨ ᠤ ᠨᠣᠮ ᠤᠨ ᠣᠶᠤᠨᠴᠢᠯᠠᠭᠰᠠᠨ ᠵᠠᠳᠠᠯᠤᠯᠲᠠ᠂ ᠦᠨᠳᠦᠰᠦᠲᠡᠨ ᠤ ᠡᠷᠲᠡᠨ ᠤ ᠨᠣᠮ ᠢ | ᠲᠣᠮᠣ ᠳ᠋ᠠᠶᠢᠲ᠋ᠠ ᠪᠠᠷ ᠦᠵᠡᠭᠦᠯᠭᠦ᠂ ᠡᠷᠲᠡᠨ ᠤ ᠨᠣᠮ ᠤᠨ ᠵᠢᠷᠤᠭ ᠳᠦᠷᠰᠦ ᠶᠢ ᠵᠠᠰᠠᠨ ᠰᠡᠷᠭᠦᠭᠡᠬᠦ ᠪᠠ | ᠦᠨᠳᠦᠰᠦᠲᠡᠨ ᠤ ᠡᠷᠲᠡᠨ ᠤ ᠨᠣᠮ ᠤᠨ ᠮᠡᠳᠡᠯᠭᠡ ᠶᠢᠨ ᠵᠢᠷᠤᠭ ᠤᠨ ᠵᠢᠭᠰᠠᠯ ᠵᠡᠷᠭᠡ ᠰᠢᠰᠲ᠋ᠧᠮ ᠢᠶᠠᠷ ᠨᠢᠭᠡ ᠴᠣᠭᠴᠠ | ᠪᠤᠯᠭᠠᠬᠰᠠᠨ ᠲᠣᠮᠣ ᠭᠡᠯᠪᠡᠷᠢ ᠶᠢᠨ ᠨᠡᠶᠢᠯᠡᠯ ᠲᠠᠪᠴᠠᠩ ᠪᠣᠯᠣᠨ᠎ᠠ᠃ ᠥᠪᠥᠷ ᠮᠣᠩᠭᠤᠯ ᠤᠨ ᠶᠡᠭᠡ ᠰᠤᠷᠭᠠᠭᠤᠯᠢ ᠨᠢ | ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠬᠠᠮᠲᠤᠷᠠᠨ ᠮᠣᠩᠭᠤᠯ ᠬᠡᠯᠡᠨ ᠤ | ᠡᠷᠲᠡᠨ ᠤ ᠨᠣᠮ ᠢ ᠲᠣᠭᠠᠴᠢᠯᠠᠬᠤ ᠪᠠ ᠬᠠᠮᠢᠶ᠎ᠠ ᠪᠦᠬᠦᠢ ᠣᠶᠤᠨᠴᠢ ᠲᠠᠪᠴᠠᠩ ᠤᠨ ᠪᠠᠶᠢᠭᠤᠯᠤᠯᠲᠠ ᠶᠢᠨ ᠠᠵᠢᠯ ᠢ | ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠢᠬᠤᠯᠠ ᠶᠡᠭᠡ ᠰᠠᠭᠤᠷᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠪᠤᠯᠬᠤ ︽ᠮᠣᠩᠭᠤᠯ ᠬᠡᠯᠡᠨ ᠤ ᠡᠷᠲᠡᠨ ᠤ ᠨᠣᠮ ᠤᠨ ᠲᠤᠭᠠᠴᠢᠯᠠᠯᠳᠠ ᠶᠢᠨ | ᠢᠨᠵᠧᠨᠧᠷᠢᠩ︾ ᠢ ᠡᠷᠭᠢᠯᠡᠨ ᠥᠷᠨᠢᠭᠦᠯᠪᠡ᠃ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ 11291 ᠪᠣᠳᠢ ︵ | ᠳᠡᠪᠲᠡᠷ︶ ᠮᠣᠩᠭᠤᠯ ᠬᠡᠯᠡᠨ ᠤ ᠡᠷᠲᠡᠨ ᠤ ᠨᠣᠮ᠂ 129 ᠢᠵᠢ ᠬᠤᠪᠣᠷ ᠨᠠᠨᠳᠢᠨ ᠡᠷᠲᠡᠨ ᠤ ᠨᠣᠮ ᠤᠨ ᠪᠦᠭᠦ | ᠠᠭᠤᠯᠭ᠎ᠠ ᠶᠢ ᠲᠣᠭᠠᠴᠢᠯᠠᠵᠤ᠂ ᠡᠭᠦᠨ ᠳᠤ 639 ᠲᠦᠮᠡᠨ ᠥᠰᠥᠭ ᠪᠢᠴᠢᠭ᠂ 116.3 ᠲᠦᠮᠡᠨ ᠬᠤᠪᠢ ᠵᠢᠷᠤᠭ | ᠳᠦᠷᠰᠦ ᠶᠢ ᠪᠠᠭᠲᠠᠭᠠᠬᠤ ᠶᠢᠨ ᠬᠠᠮᠲᠤ 24 ᠲᠦᠮᠡᠨ ᠵᠤᠷᠪᠤᠰ ᠡᠷᠲᠡᠨ ᠤ ᠨᠣᠮ ᠤᠨ ᠮᠡᠳᠡᠯᠭᠡ ᠶᠢᠨ ᠵᠢᠷᠤᠭ ᠤᠨ | ᠵᠢᠭᠰᠠᠯ ᠤᠨ ᠭᠤᠷᠪᠠᠨ ᠡᠰᠢᠲᠦ ᠪᠦᠯᠦᠭ ᠢ ᠪᠠᠶᠢᠭᠤᠯᠵᠠᠢ᠃ ᠲᠣᠰ ᠲᠥᠷᠥᠯ ᠵᠦᠢᠯ ᠨᠢ ᠣᠳᠣᠬᠠᠨ ᠳᠤ ᠮᠣᠩᠭᠤᠯ | ᠬᠡᠯᠡᠨ ᠤ ᠡᠷᠲᠡᠨ ᠤ ᠨᠣᠮ ᠢ ᠬᠠᠮᠤᠭ ᠤᠨ ᠣᠯᠠᠨ ᠬᠠᠳᠠᠭᠠᠯᠠᠭᠰᠠᠨ᠂ ᠬᠠᠶᠢᠵᠤ ᠵᠠᠳᠠᠯᠬᠤ ᠣᠶᠤᠨᠴᠢᠯᠠᠭᠰᠠᠨ | ᠲᠦᠪᠰᠢᠨ ᠢᠶᠠᠷ ᠬᠠᠮᠤᠭ ᠤᠨ ᠥᠨᠳᠥᠷ ᠤᠮᠠᠷᠠᠲᠤ ᠬᠢᠯᠢ ᠶᠢᠨ ᠰᠣᠶᠣᠯ ᠤᠨ ᠡᠷᠲᠡᠨ ᠤ ᠨᠣᠮ ᠤᠨ ᠡᠬᠢ ᠪᠠᠶᠠᠯᠢᠭ ᠤᠨ | ᠬᠥᠮᠥᠷᠭᠡ ᠶᠢ ᠪᠠᠶᠢᠭᠤᠯᠤᠭᠰᠠᠨ ᠪᠠᠶᠢᠨ᠎ᠠ᠃ | ᠡᠨᠡ ᠬᠦ ᠲᠠᠪᠴᠠᠩ ᠨᠢ ᠳᠤᠮᠳᠠᠳᠤ ᠶᠢᠨ ᠦᠨᠳᠦᠰᠦᠲᠡᠨ ᠤ ᠡᠷᠲᠡᠨ ᠤ ᠨᠣᠮ ᠢ ᠠᠪᠤᠷᠠᠬᠤ᠂ ᠬᠠᠮᠠᠭᠠᠯᠠᠬᠤ᠂ | ᠤᠯᠠᠮᠵᠢᠯᠠᠬᠤ᠂ ᠨᠡᠭᠡᠭᠡᠨ ᠬᠥᠭᠵᠢᠭᠦᠯᠵᠦ ᠠᠰᠢᠭᠯᠠᠬᠤ ᠳᠤ ᠴᠢᠬᠤᠯᠠ ᠮᠡᠷᠭᠡᠵᠢᠯ ᠪᠠ ᠲᠠᠪᠴᠠᠩ ᠤᠨ ᠲᠤᠯᠭᠠᠭᠤᠷᠢᠯᠠᠯ | ᠬᠠᠩᠭᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ᠂ ᠳᠤᠮᠳᠠᠳᠤ ᠤᠯᠤᠰ ᠤᠨ ᠲᠡᠦᠬᠡ ᠰᠣᠶᠣᠯ ᠤᠨ | ᠰᠤᠳᠤᠯᠭᠠᠨ ᠢ ᠴᠢᠩᠭᠠᠳᠬᠠᠨ᠂ ᠲᠡᠭᠦᠨ ᠳᠤ ᠠᠭᠤᠯᠤᠭᠳᠠᠵᠤ ᠪᠠᠶᠢᠭ᠎ᠠ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠵᠡᠯ ᠰᠠᠨᠠᠭᠠᠨ ᠤ ᠠᠭᠤᠯᠤᠭᠳᠠᠬᠤᠨ ᠢ ᠠᠭᠤᠳᠠᠯᠤᠨ ᠪᠠᠳᠠᠷᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠪᠠᠬᠢᠵᠢᠭᠦᠯᠦᠨ ᠬᠥᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠤᠰᠬᠠᠢ ᠮᠡᠷᠭᠡᠵᠢᠯᠲᠡᠳ ᠠᠴᠠ᠂ | ᠳᠤᠰ ᠲᠠᠪᠴᠠᠩ ᠨᠢ ᠦᠨᠳᠦᠰᠦᠲᠡᠨ ᠤ ᠡᠷᠲᠡᠨ ᠤ ᠨᠣᠮ ᠢ ᠬᠠᠮᠠᠭᠠᠯᠠᠬᠤ ᠪᠠ ᠠᠰᠢᠭᠯᠠᠬᠤ ᠳᠤ ᠲᠦᠢᠯ ᠤᠨ ᠲᠥᠭᠦᠮ | ᠦᠵᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠷᠳᠡᠮᠲᠡᠳ ᠲᠤ ᠡᠯᠪᠡᠭ ᠪᠠᠶᠠᠯᠢᠭ ᠰᠤᠳᠤᠯᠭᠠᠨ ᠤ | ᠮᠠᠲ᠋ᠧᠷᠢᠶᠠᠯ ᠬᠠᠩᠭᠠᠵᠤ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠪᠣᠯᠣᠨ ᠬᠠᠮᠲᠤᠷᠠᠯᠴᠠᠭ᠎ᠠ ᠶᠢ ᠠᠬᠢᠭᠤᠯᠵᠤ᠂ | ᠳᠤᠮᠳᠠᠳᠤ ᠤᠯᠤᠰ ᠤᠨ ᠤᠯᠠᠨ ᠤᠯᠤᠰ ᠤᠨ ᠲᠠᠪᠴᠠᠩ ᠳᠠᠬᠢ ᠰᠣᠶᠣᠯ ᠤᠨ ᠵᠥᠭᠡᠯᠡᠨ ᠪᠣᠳᠠᠲᠤ ᠬᠦᠴᠦᠨ ᠢ | ᠪᠦᠲᠦᠮᠵᠢᠲᠡᠢ ᠳᠡᠭᠡᠭᠰᠢᠯᠡᠭᠦᠯᠪᠡ᠃ ᠦᠨᠳᠦᠰᠦᠲᠡᠨ ᠤ ᠡᠷᠲᠡᠨ ᠤ ᠨᠣᠮ ᠢ ᠬᠠᠮᠠᠭᠠᠯᠠᠬᠤ ᠪᠠ ᠰᠤᠳᠤᠯᠬᠤ ᠨᠢ | ᠳᠡᠯᠡᠬᠡᠢ ᠶᠢᠨ ᠰᠣᠶᠣᠯ ᠤᠨ ᠤᠯᠠᠨ ᠶᠠᠩᠵᠤᠲᠤ ᠴᠢᠨᠠᠷ ᠢ ᠪᠠᠲᠤᠯᠠᠬᠤ᠂ ᠬᠥᠮᠥᠨ ᠲᠥᠷᠥᠯᠬᠢᠲᠡᠨ ᠤ ᠪᠣᠯᠪᠠᠰᠤᠨ ᠢ | ᠪᠠᠶᠠᠯᠢᠭᠵᠢᠭᠤᠯᠬᠤ ᠳᠤ ᠬᠡᠮᠵᠢᠶᠡᠯᠡᠰᠢ ᠦᠭᠡᠢ ᠦᠨ᠎ᠡ ᠴᠠᠨ᠎ᠠ ᠲᠠᠢ ᠶᠤᠮ ᠭᠡᠵᠦ ᠦᠵᠡᠵᠡᠭᠡᠪᠡ᠃ | ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ | ᠢᠨᠵᠧᠨᠧᠷᠢᠩ ᠤᠨ ᠬᠦᠷᠢᠶᠡᠯᠡᠩ᠂ ᠶᠡᠭᠡ ᠳᠡᠭᠡᠳᠦ ᠰᠤᠷᠭᠠᠭᠤᠯᠢ ᠶᠢᠨ ᠲᠥᠯᠥᠭᠡᠯᠡᠭᠴᠢ᠂ ᠬᠠᠮᠢᠶ᠎ᠠ ᠪᠦᠬᠦᠢ ᠠᠵᠤ | ᠠᠬᠤᠶᠢᠯᠠᠯ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠵᠥᠪᠯᠡᠯ ᠤᠨ ᠬᠠᠮᠢᠶ᠎ᠠ | ᠪᠦᠬᠦᠢ ᠬᠠᠷᠢᠭᠤᠴᠠᠯᠭᠠᠲᠠᠨ ᠵᠢᠴᠢ ᠡᠯ᠎ᠡ ᠨᠣᠮ ᠤᠨ ᠰᠠᠩ ᠤᠨ ᠲᠥᠯᠥᠭᠡᠯᠡᠭᠴᠢ ᠨᠡᠶᠢᠲᠡ 200 ᠭᠠᠷᠤᠢ ᠬᠥᠮᠥᠨ | ᠨᠡᠶᠢᠲᠡᠯᠡᠬᠦ ᠬᠤᠷᠠᠯ ᠳᠤ ᠣᠷᠣᠯᠴᠠᠵᠠᠢ᠃ | |