ᠢᠦᠶ ᠴᠢᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠥᠬᠦ ᠤᠯᠤᠰ ᠤᠨ ᠬᠤᠶᠠᠷ ᠬᠤᠷᠠᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠢ ᠨᠠᠶᠢᠳᠠᠪᠤᠷᠢᠵᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2024/4/1
     ᠪᠥᠬᠦ ᠤᠯᠤᠰ ᠤᠨ ᠬᠤᠶᠠᠷ ᠬᠤᠷᠠᠯ ᠳᠤ ᠲᠣᠳᠣᠷᠬᠠᠶ ᠲᠣᠭᠲᠠᠭᠠᠭᠰᠠᠨ ᠠᠵᠢᠯ ᠤᠨ ᠡᠭᠦᠷᠭᠡ ᠬᠠᠷᠠᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠷᠠᠳ ᠣᠯᠠᠨ ᠤ ᠥᠨᠳᠥᠷ ᠶᠠᠰᠤ ᠴᠢᠨᠠᠷ ᠲᠠᠢ ᠠᠮᠢᠳᠤᠷᠠᠯ ᠤᠨ ᠲᠤᠬᠠᠶ ᠰᠢᠨ᠎ᠡ ᠬᠦᠰᠡᠯ ᠡᠷᠡᠮᠡᠯᠵᠡᠯ ᠳᠤ ᠨᠡᠶᠢᠴᠡᠭᠦᠯᠬᠦ ᠶᠢᠨ ᠲᠥᠯᠥᠭᠡ᠂ ᠢᠦᠶ ᠴᠢᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠠ ᠠᠷᠠᠳ ᠤᠨ ᠰᠡᠳᠬᠢᠯ ᠤᠨ ᠢᠨᠵᠧᠨᠧᠷᠢᠩ ᠢ ᠬᠦᠴᠦ ᠲᠠᠯᠪᠢᠨ ᠰᠠᠶᠢᠲᠤᠷ ᠠᠳᠬᠤᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠪᠡ᠃ ᠠᠷᠠᠳ ᠲᠦᠮᠡᠨ ᠤ ᠤᠯᠠᠨ ᠳᠡᠰ ᠳᠠᠪᠬᠤᠷᠭ᠎ᠠ ᠤᠯᠠᠨ ᠶᠠᠩᠵᠤ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠪᠠᠷ ᠬᠠᠷᠠᠯᠲᠠ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃
     ᠪᠥᠬᠦ ᠤᠯᠤᠰ ᠤᠨ ᠬᠤᠶᠠᠷ ᠬᠤᠷᠠᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠳᠤᠷᠠᠳᠤᠭᠰᠠᠨ  ᠨᠢ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠰᠠᠷ᠎ᠠ ᠶᠢᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ 20 ᠲᠦᠭᠦᠷᠢᠭ ᠳᠡᠭᠡᠭᠰᠢᠯᠡᠭᠦᠯᠦᠨ᠎ᠡ︾ ᠭᠡᠵᠡᠢ᠃ ᠢᠦᠶ ᠴᠢᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠷᠢᠶ᠎ᠠ ᠣᠷᠣᠨ ᠤ ᠪᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠯᠭᠤᠮᠵᠢ ᠭᠥᠷᠳᠡᠬᠦ ᠬᠥᠮᠦᠰ ᠢ ᠬᠢᠨᠠᠨ ᠬᠠᠷᠭᠤᠭᠤᠯᠵᠤ ᠭᠡᠷᠡᠴᠢᠯᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠲᠤᠭ᠎ᠠ ᠪᠠᠷᠢᠮᠲᠠ ᠶᠢᠨ ᠬᠠᠷᠢᠴᠠᠭᠤᠯᠤᠯ ᠢ ᠴᠢᠩᠭᠠᠳᠬᠠᠨ᠂ ᠲᠤᠬᠠᠶᠢᠯᠠᠭᠰᠠᠨ ᠠᠵᠢᠯ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠬᠠᠷᠢᠴᠠᠭᠤᠯᠤᠯ ᠢ ᠪᠠᠶᠢᠩᠭᠤᠵᠢᠭᠤᠯᠬᠤ᠂ ᠪᠣᠳᠠᠲᠤ ᠴᠠᠭᠵᠢᠭᠤᠯᠬᠤ᠂ ᠲᠤᠭᠳᠠᠴᠠᠵᠢᠭᠤᠯᠬᠤ ᠶᠢ ᠢᠳᠡᠪᠬᠢᠲᠡᠶ ᠳᠥᠯᠭᠢᠨ ᠠᠬᠢᠭᠤᠯᠪᠠ᠃ ᠰᠢᠰᠲ᠋ᠧᠮ ᠲᠠᠢ ᠪᠠᠷ ᠬᠠᠷᠢᠴᠠᠭᠤᠯᠤᠨ ᠬᠠᠷᠭᠤᠭᠤᠯᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ APP ᠶᠢᠨ ᠪᠡᠶ᠎ᠡ ᠪᠠᠨ ᠳᠠᠭᠠᠭᠠᠵᠤ ᠭᠡᠷᠡᠴᠢᠯᠡᠭᠡ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ ᠲᠠᠯ᠎ᠠ ᠪᠠᠷ ᠭᠡᠷᠡᠴᠢᠯᠡᠭᠡ ᠬᠢᠬᠦ ᠠᠵᠢᠯ ᠢ ᠦᠷᠨᠢᠭᠦᠯᠵᠡᠢ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠢᠳᠡᠪᠬᠢᠲᠡᠶ ᠥᠷᠨᠢᠭᠦᠯᠵᠦ᠂ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠭᠡᠷᠡᠴᠢᠯᠡᠯᠲᠡ ᠳᠤ ᠤᠷᠤᠯᠴᠠᠬᠤ ᠶᠢ ᠢᠳᠡᠪᠬᠢᠲᠡᠢ ᠳᠦᠯᠬᠢᠨ ᠠᠬᠢᠭᠤᠯᠪᠠ᠃ ᠳᠣᠲᠣᠷ᠎ᠠ ᠪᠠᠨ ᠲᠤᠭ᠎ᠠ ᠲᠠᠢ᠂ ᠣᠯᠠᠨ ᠲᠦᠮᠡᠨ ᠤ ᠳᠡᠮᠵᠢᠯᠭᠡ ᠶᠢ ᠪᠡᠶᠡᠯᠡᠭᠦᠯᠵᠦ᠂ ᠤᠯᠤᠰ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠪᠠ᠃
     ᠢᠯᠡᠳᠬᠡᠯ ᠳᠤ ᠳᠤᠷᠠᠳᠤᠭᠰᠠᠨ ᠨᠢ ︽ᠪᠥᠬᠦ ᠤᠯᠤᠰ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠵᠢᠭᠦᠯᠭᠡ ᠶᠢ ᠦᠷᠭᠦᠯᠵᠢᠯᠡᠨ ᠠᠬᠢᠭᠤᠯᠤᠨ᠎ᠠ︾ ᠭᠡᠵᠡᠢ᠃ ᠢᠦᠶ ᠴᠢᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯ ᠠᠴᠠ ᠪᠠᠨ ᠪᠠᠭᠤᠭᠰᠠᠨ ᠠᠵᠢᠯᠲᠠᠳ ᠲᠤ ᠭᠡᠷᠡᠴᠢᠯᠡᠭᠡ ᠬᠢᠬᠦ ᠶᠢᠨ ᠬᠠᠮᠲᠤ᠂ ᠴᠠᠯᠢᠩ ᠲᠣᠬᠢᠷᠠᠭᠤᠯᠬᠤ ᠳᠤ ᠬᠤᠯᠪᠣᠭᠳᠠᠬᠤ ᠲᠣᠭᠲᠠᠭᠰᠠᠨ ᠨᠣᠷᠮ᠎ᠠ ᠶᠢᠨ ᠲᠣᠬᠢᠷᠠᠭᠤᠯᠤᠯᠲᠠ᠂ ᠰᠦᠢᠳᠭᠡᠯ ᠲᠤᠰᠢᠶᠠᠬᠤ ᠵᠢᠯ ᠬᠤᠭᠤᠴᠠᠭ᠎ᠠ ᠶᠢᠨ ᠲᠣᠬᠢᠷᠠᠭᠤᠯᠤᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠲᠣᠰ ᠬᠥᠮᠦᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠯᠦᠭᠡ ᠬᠤᠯᠪᠣᠭᠳᠠᠭᠤᠯᠬᠤ ᠵᠢᠴᠢ ᠪᠦᠬᠦᠯᠢ 70 ᠨᠠᠰᠤ᠂ ᠪᠦᠬᠦᠯᠢ 75 ᠨᠠᠰᠤ᠂ ᠪᠦᠬᠦᠯᠢ 80 ᠨᠠᠰᠤ ᠬᠦᠷᠦᠭᠰᠡᠨ ᠠᠵᠢᠯ ᠠᠴᠠ ᠪᠠᠨ ᠪᠠᠭᠤᠭᠰᠠᠨ ᠠᠵᠢᠯᠲᠠᠳ ᠲᠤ ᠲᠥᠷᠥ ᠶᠢᠨ ᠪᠣᠳᠣᠯᠭ᠎ᠠ ᠶᠢᠨ ᠬᠡᠯᠪᠠᠶᠢᠯᠲᠡ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠰᠤᠳᠤᠯᠭᠠᠨ ᠢ ᠴᠢᠩᠭᠠᠳᠬᠠᠵᠤ᠂ ᠴᠠᠯᠢᠩ ᠳᠣᠭᠢᠷᠠᠭᠤᠯᠬᠤ ᠠᠵᠢᠯ ᠢ ᠤᠷᠤᠭᠰᠢᠲᠠᠶ ᠪᠡᠶᠡᠯᠡᠭᠦᠯᠬᠦ ᠶᠢᠨ ᠰᠠᠭᠤᠷᠢ ᠶᠢ ᠰᠠᠶᠢᠲᠤᠷ ᠲᠠᠯᠪᠢᠵᠤ᠂ ᠥᠷᠭᠡᠨ ᠣᠯᠠᠨ ᠠᠵᠢᠯ ᠠᠴᠠ ᠪᠠᠨ ᠪᠠᠭᠤᠭᠰᠠᠨ ᠠᠵᠢᠯᠲᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠪᠠ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠪᠡ᠃
     ᠢᠯᠡᠳᠬᠡᠯ ᠳᠤ ᠳᠤᠷᠠᠳᠤᠭᠰᠠᠨ ᠨᠢ ︽ᠠᠵᠢᠯ ᠠᠴᠠ ᠪᠠᠨ ᠪᠠᠭᠤᠭᠰᠠᠨ ᠠᠵᠢᠯᠲᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠠᠷᠠᠭᠠᠯᠵᠠᠯ ᠢ ᠦᠷᠭᠦᠯᠵᠢᠯᠡᠨ ᠳᠡᠭᠡᠭᠰᠢᠯᠡᠭᠦᠯᠦᠨ᠎ᠡ︾ ᠭᠡᠵᠡᠢ᠃ ᠢᠦᠶ ᠴᠢᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠡᠯ᠎ᠡ ᠵᠦᠢᠯ ᠤᠨ ᠰᠢᠨ᠎ᠡ ᠵᠠᠭᠤᠴᠢᠯᠠᠭᠤᠷ ᠵᠢᠴᠢ ᠤᠯᠠᠮᠵᠢᠯᠠᠯᠲᠤ ᠵᠠᠭᠤᠴᠢᠯᠠᠭᠤᠷ ᠢ ᠭᠦᠢᠴᠡᠳ ᠠᠰᠢᠭᠯᠠᠨ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠤᠯᠤᠰ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠵᠢᠭᠦᠯᠭᠡ ᠶᠢ ᠪᠡᠶᠡᠯᠡᠭᠦᠯᠬᠦ ᠶᠢᠨ ᠴᠢᠬᠤᠯᠠ ᠠᠴᠢ ᠬᠤᠯᠪᠣᠭᠳᠠᠯ ᠢ ᠠᠷᠠᠳ ᠣᠯᠠᠨ ᠳᠤ ᠤᠶᠢᠯᠠᠭᠠᠭᠤᠯᠪᠠ᠃ ᠪᠥᠬᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠬᠢᠷᠠᠭᠤᠯᠤᠯᠲᠠ ᠶᠢ ᠢᠳᠡᠪᠬᠢᠲᠡᠶ ᠲᠠᠶᠢᠯᠪᠤᠷᠢᠯᠠᠵᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ ᠪᠣᠯᠭᠠᠵᠤ᠂ ᠠᠵᠢᠯ ᠠᠴᠠ ᠪᠠᠨ ᠪᠠᠭᠤᠭᠰᠠᠨ ᠠᠵᠢᠯᠲᠠᠳ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠦᠨᠡᠨ ᠬᠦ ᠪᠠᠲᠤᠯᠠᠬᠤ ᠪᠣᠯ ᠠᠵᠢᠯ ᠠᠴᠠ ᠪᠠᠨ ᠪᠠᠭᠤᠭᠰᠠᠨ ᠠᠵᠢᠯᠲᠠᠳ ᠤᠨ ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠢ ᠪᠠᠲᠤᠯᠠᠬᠤ ᠠᠰᠢᠭᠲᠠᠶ ᠲᠥᠷᠥ ᠶᠢᠨ ᠪᠣᠳᠣᠯᠭ᠎ᠠ ᠮᠥᠨ᠂ ᠤᠯᠤᠰ ᠠᠴᠠ ᠣᠲᠣ ᠶᠢᠨ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠦᠷᠢᠮ ᠢ ᠰᠢᠯᠢᠳᠡᠭᠵᠢᠭᠦᠯᠦᠨ ᠰᠠᠶᠢᠵᠢᠷᠠᠭᠤᠯᠬᠤ ᠶᠠᠪᠤᠳᠠᠯ ᠮᠥᠨ᠃      ᠢᠯᠡᠳᠬᠡᠯ ᠳᠤ ᠳᠤᠷᠠᠳᠤᠭᠰᠠᠨ ᠨᠢ ︽ᠬᠤᠪᠢ ᠬᠥᠮᠦᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ︾ ᠭᠡᠵᠡᠢ᠃ ᠢᠦᠶ ᠴᠢᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠷᠢᠶᠠᠲᠤ ᠣᠷᠣᠨ ᠤ ᠳᠤᠮᠳᠠᠳᠤ ᠤᠯᠤᠰ ᠤᠨ ᠪᠠᠩᠬᠢ᠂ ᠪᠥᠲᠥᠭᠡᠨ ᠪᠠᠶᠢᠭᠤᠯᠤᠯᠲᠠ ᠶᠢᠨ ᠪᠠᠩᠬᠢ᠂ ᠥᠪᠥᠷ ᠮᠣᠩᠭᠤᠯ ᠪᠠᠩᠬᠢ ᠵᠡᠷᠭᠡ ᠡᠯ᠎ᠡ ᠲᠣᠮᠣ ᠪᠠᠩᠬᠢ ᠲᠠᠢ ᠢᠳᠡᠪᠬᠢᠲᠡᠶ ᠪᠠᠷ ᠵᠣᠯᠭᠠᠭᠤᠯᠵᠤ᠂ ᠲᠤᠬᠠᠶᠢᠯᠠᠭᠰᠠᠨ ᠠᠵᠢᠯ ᠤᠨ ᠨᠡᠪᠲᠡᠷᠡᠯᠴᠡᠭᠡ ᠪᠠ ᠳᠡᠯᠭᠡᠷᠡᠭᠦᠯᠦᠯᠲᠡ ᠶᠢ ᠥᠷᠨᠢᠭᠦᠯᠵᠦ᠂ ᠬᠤᠪᠢ ᠬᠥᠮᠦᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠲᠠᠩᠰᠠᠨ ᠡᠷᠦᠬᠡ ᠪᠠᠶᠢᠭᠤᠯᠬᠤ ᠲᠤᠬᠠᠶᠢᠯᠠᠭᠰᠠᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠪᠡ᠃ ᠤᠯᠠᠨ ᠲᠡᠰ ᠳᠠᠪᠬᠤᠷᠭ᠎ᠠ ᠶᠢᠨ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠲᠦᠷᠢᠮ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠳᠤ ᠪᠠᠲᠤ ᠪᠠᠬᠢ ᠰᠠᠭᠤᠷᠢ ᠬᠠᠩᠭᠠᠪᠠ᠃      ᠢᠦᠶ ᠴᠢᠤᠸᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠦᠬᠦ ᠤᠯᠤᠰ ᠤᠨ ᠬᠤᠶᠠᠷ ᠬᠤᠷᠠᠯ ᠳᠤ ᠲᠣᠳᠣᠷᠬᠠᠶ ᠲᠣᠭᠲᠠᠭᠠᠭᠰᠠᠨ ᠠᠵᠢᠯ ᠤᠨ ᠡᠭᠦᠷᠭᠡ ᠬᠠᠷᠠᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠠᠷᠠᠳ ᠲᠤ ᠠᠰᠢᠭ ᠬᠦᠷᠲᠡᠭᠡᠬᠦ ᠡᠷᠴᠢᠮ ᠢ ᠴᠢᠩᠭᠠᠷᠠᠭᠤᠯᠬᠤ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠣᠯᠠᠨ ᠬᠢᠬᠦ ᠶᠢ ᠪᠠᠷᠢᠮᠲᠠᠯᠠᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠲᠦᠷᠭᠡᠳᠬᠡᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠡᠭᠦᠷᠭᠡ ᠬᠠᠷᠠᠯᠲᠠ ᠨᠤᠭᠤᠳ ᠢ ᠰᠠᠶᠢᠨ ᠰᠠᠶᠢᠬᠠᠨ ᠠᠮᠢᠳᠤᠷᠠᠯ ᠤᠨ ᠵᠢᠷᠤᠭ ᠪᠣᠯᠭᠠᠨ ᠬᠤᠪᠢᠷᠠᠭᠤᠯᠵᠤ᠂ ᠤᠯᠤᠰ ᠤᠨ ᠨᠡᠶᠢᠭᠡᠮ ᠤᠨ ᠳᠠᠭᠠᠳᠬᠠᠯ ᠵᠡᠷᠭᠡ ᠠᠷᠠᠳ ᠤᠨ ᠠᠮᠢᠳᠤᠷᠠᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠤᠯᠠᠨ ᠲᠦᠮᠡᠨ ᠤ ᠳᠤᠮᠳᠠ ᠬᠦᠷᠭᠡᠵᠦ᠂ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠰᠠᠶᠢᠨ ᠶᠠᠪᠤᠳᠠᠯ ᠢ ᠰᠠᠶᠢᠲᠤᠷ ᠬᠢᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号