ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠲᠤᠷᠠᠭᠰᠠᠨ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2024/4/1
     ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠵᠢᠵᠢᠭ᠂ ᠨᠠᠷᠢᠯᠢᠭ᠂ ᠨᠠᠶᠢᠳᠠᠪᠤᠷᠢᠵᠢᠭᠤᠯᠬᠤ᠂ ᠪᠣᠳᠠᠲᠠᠶᠢᠵᠢᠭᠤᠯᠬᠤ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠤᠨ ᠬᠢᠨ ︽ᠨᠢᠭᠡ ᠠᠯᠬᠤᠮ ᠤᠷᠤᠭᠰᠢᠯᠠᠨ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ︾᠂ ᠲᠣᠭᠤᠷᠢᠭ ᠤᠨ ᠨᠠᠷᠢᠯᠢᠭᠵᠢᠭᠤᠯᠬᠤ ᠠᠯᠪᠠᠨ ᠭᠡᠷ᠂ 3 ᠠᠵᠢᠯᠯᠠᠬᠤ ᠺᠣᠮᠫᠠᠨᠢ ᠲᠠᠢ ᠬᠠᠮᠲᠤᠷᠠᠨ ᠲᠤᠬᠠᠶ ᠶᠢᠨ ᠲᠠᠯᠠᠪᠤᠷ ᠲᠤ ᠠᠵᠢᠯᠯᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠪᠡ᠂ ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠠᠰᠠᠭᠤᠳᠠᠯ ᠢ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠨᠢᠭᠡ ᠠᠴᠠ ᠵᠦᠢᠴᠢᠯᠡᠵᠦ ᠨᠦᠭᠦᠭᠡ ᠶᠢ ᠮᠡᠳᠡᠬᠦ᠂ ᠪᠠᠷᠢᠮᠵᠢᠶ᠎ᠠ ᠶᠢ ᠳᠡᠭᠡᠭᠰᠢᠯᠡᠭᠦᠯᠬᠦ᠂ ᠳᠡᠭᠡᠭᠰᠢᠯᠡᠭᠦᠯᠬᠦ ᠶᠢ ᠠᠬᠢᠭᠤᠯᠬᠤ ᠪᠠᠷ ᠳᠠᠮᠵᠢᠭᠤᠯᠤᠨ᠂ ᠬᠤᠲᠠ ᠶᠢᠨ ᠠᠷᠢᠭᠤᠨ ᠴᠡᠪᠡᠷ ᠤᠨ ᠶᠠᠰᠤ ᠴᠢᠨᠠᠷ ᠪᠠ ᠦᠢᠯᠡᠴᠢᠯᠡᠭᠡᠨ ᠤ ᠬᠢᠷᠢ ᠲᠦᠪᠰᠢᠨ ᠤ ᠬᠤᠤᠰ ᠳᠡᠭᠡᠭᠰᠢᠯᠡᠯᠲᠡ ᠶᠢ ᠦᠨᠡᠨ ᠬᠦ ᠪᠠᠲᠤᠯᠠᠪᠠ᠃
     ᠲᠣᠰ ᠤᠳᠠᠭᠠᠨ ᠤ ᠪᠠᠶᠢᠴᠠᠭᠠᠯᠲᠠ ᠶᠢᠨ ᠬᠦᠷᠢᠶ᠎ᠡ ᠬᠡᠪᠴᠢᠶ᠎ᠡ ᠨᠢ ᠥᠷᠭᠡᠨ ᠳᠡᠯᠭᠡᠷ ᠪᠠᠶᠢᠵᠤ᠂ ᠬᠠᠷᠢᠶᠠᠲᠤ ᠣᠷᠣᠨ ᠤ ᠳᠣᠲᠣᠷᠠᠬᠢ ᠭᠤᠤᠯ ᠳᠡᠳ᠋ ᠵᠠᠮ᠂ ᠣᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠭ᠂ ᠬᠤᠲᠠ ᠬᠥᠳᠡᠭᠡ ᠶᠢᠨ ᠠᠭᠤᠯᠵᠠᠷ ᠭᠠᠵᠠᠷ᠂ ᠬᠥᠳᠡᠭᠡ ᠲᠣᠰᠬᠤᠨ ᠵᠡᠷᠭᠡ ᠭᠠᠵᠠᠷ ᠣᠷᠣᠨ ᠳᠤ ᠪᠥᠬᠦ ᠲᠠᠯ᠎ᠠ ᠪᠠᠷ ᠭᠦᠨᠵᠡᠭᠡᠶᠢᠷᠡᠵᠡᠶ᠃ ᠪᠠᠶᠢᠴᠠᠭᠠᠬᠤ ᠳᠤᠭᠤᠶᠢᠯᠠᠩ ᠤᠨ ᠬᠢᠨ ᠮᠧᠶ ᠲᠦᠩ ᠵᠠᠬ᠎ᠠ ᠳᠡᠯᠭᠡᠭᠦᠷ᠂ ᠰᠢᠯᠢ ᠶᠢᠨ ᠵᠠᠮ᠂ ᠰᠢᠭᠦᠬᠦ ᠬᠤᠷᠢᠶᠠᠨ ᠤ ᠵᠡᠭᠦᠨ ᠭᠤᠳᠤᠮᠵᠢ᠂ 209 ᠤᠯᠤᠰ ᠤᠨ ᠵᠠᠮ᠂ ᠡᠮᠦᠨ᠎ᠡ ᠭᠤᠷᠪᠠᠳᠤᠭᠠᠷ ᠲᠤᠭᠤᠷᠢᠯ ᠵᠠᠮ᠂ ᠮᠣᠩᠭᠤᠯ ᠤᠨ ᠵᠠᠩ ᠦᠢᠯᠡ ᠶᠢᠨ ᠬᠦᠷᠢᠶᠡᠯᠡᠩ᠂ ᠰᠢᠨ᠎ᠡ ᠲᠣᠰᠬᠤᠨ᠂ ᠰᠢᠷᠤᠢ ᠲᠣᠰᠬᠤᠨ᠂ ᠡᠮᠦᠨ᠎ᠡ ᠪᠠ ᠯᠢ ᠲᠣᠰᠬᠤᠨ ᠵᠡᠷᠭᠡ ᠭᠠᠵᠠᠷ ᠣᠷᠣᠨ ᠵᠢᠴᠢ ᠡᠷᠭᠢᠨ ᠲᠣᠭᠤᠷᠢᠨ ᠤ ᠵᠠᠮ ᠳᠠᠭᠠᠤ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠠᠶᠢᠳᠠᠯ ᠢ ᠭᠤᠣᠯᠳᠠᠯᠭ᠎ᠠ ᠲᠠᠢ ᠪᠠᠷ ᠪᠠᠶᠢᠴᠠᠭᠠᠨ ᠦᠵᠡᠪᠡ᠃ ᠪᠠᠶᠢᠴᠠᠭᠠᠬᠤ ᠠᠭᠤᠯᠭ᠎ᠠ ᠳᠤ ᠱᠦᠭᠦᠷᠳᠡᠯᠲᠡ ᠶᠢᠨ ᠶᠠᠰᠤ ᠴᠢᠨᠠᠷ᠂ ᠡᠳᠦᠷ ᠲᠤᠲᠤᠮ ᠤᠨ ᠴᠡᠪᠡᠷᠯᠡᠭᠡ᠂ ᠴᠡᠪᠡᠷᠯᠡᠭᠴᠢ ᠶᠢᠨ ᠠᠵᠢᠯ ᠤᠨ ᠪᠠᠶᠢᠷᠢᠨ ᠳᠠᠬᠢ ᠪᠠᠶᠢᠳᠠᠯ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠬᠦᠭᠡᠷᠦᠮᠵᠢ ᠶᠢᠨ ᠴᠡᠪᠡᠷᠯᠡᠯᠲᠡ ᠶᠢᠨ ᠬᠡᠮᠵᠢᠶ᠎ᠡ ᠵᠢᠴᠢ ᠤᠰᠤ ᠴᠠᠬᠢᠯᠭᠠᠨ ᠬᠡᠷᠡᠭᠯᠡᠬᠦ ᠵᠢᠷᠤᠮᠵᠢᠯ ᠵᠡᠷᠭᠡ ᠣᠯᠠᠨ ᠲᠠᠯ᠎ᠠ ᠶᠢ ᠪᠠᠭᠲᠠᠭᠠᠪᠠ᠃
     ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠣᠷᠴᠢᠨ ᠲᠤᠭᠤᠷᠢᠨ ᠤ ᠠᠷᠢᠭᠤᠨ ᠴᠡᠪᠡᠷ ᠤᠨ ᠠᠰᠠᠭᠤᠳᠠᠯ᠂ ᠵᠢᠱᠢᠶᠡᠯᠡᠪᠡᠯ ᠰᠢᠯᠢ ᠶᠢᠨ ᠵᠠᠮ ᠢ ᠱᠦᠭᠦᠷᠳᠡᠭᠡ ᠥᠬᠡᠶ᠂ ᠮᠧᠶ ᠬᠤᠸᠠ ᠯᠦᠩ ᠵᠡᠭᠦᠨ ᠭᠤᠳᠤᠮᠵᠢ ᠳᠤ ᠬᠤᠭ ᠨᠣᠪᠰᠢ ᠣᠪᠣᠭᠠᠷᠠᠭᠰᠠᠨ᠂ ᠡᠮᠦᠨ᠎ᠡ ᠪᠠ ᠯᠢ ᠲᠣᠰᠬᠤᠨ ᠤ ᠵᠡᠭᠡᠯᠢ ᠭᠤᠳᠤᠮᠵᠢ ᠶᠢᠨ ᠬᠤᠭ ᠨᠣᠪᠰᠢ ᠶᠢ ᠴᠠᠭ ᠲᠤᠬᠠᠶ ᠳᠤᠨᠢ ᠴᠡᠪᠡᠷᠯᠡᠨ ᠲᠡᠭᠡᠭᠡᠪᠦᠷᠢᠯᠡᠭᠰᠡᠨ ᠥᠬᠡᠶ᠂ 209 ᠤᠯᠤᠰ ᠤᠨ ᠵᠠᠮ ᠤᠨ ᠨᠢᠭᠤᠷ ᠲᠤ ᠰᠤᠯᠠ ᠵᠠᠳᠠᠭᠠᠶ ᠵᠥᠭᠡᠯᠡᠨ ᠪᠣᠭᠤᠳᠠᠯ ᠪᠠᠭᠯᠠᠭ᠎ᠠ ᠲᠠᠢ ᠵᠡᠷᠭᠡ ᠪᠣᠯᠤᠨ᠎ᠠ᠃ ᠡᠲᠡᠭᠡᠷ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠠᠴᠠ ᠠᠵᠢᠯ ᠤᠨ ᠺᠣᠮᠫᠠᠨᠢ ᠶᠢ ᠬᠤᠯᠪᠣᠭᠳᠠᠯ ᠪᠥᠬᠦᠶ ᠪᠠᠷᠢᠮᠵᠢᠶ᠎ᠠ ᠪᠠ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠤᠨ᠂ ᠨᠠᠷᠢᠯᠢᠭ ᠣᠨᠣᠴᠠᠲᠠᠶ ᠪᠠᠷ ᠬᠦᠴᠦᠯᠡᠵᠦ᠂ ᠨᠢᠭᠡᠳ ᠨᠢᠭᠡ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠪᠠᠰᠠ ᠳᠠᠬᠢᠨ ᠳᠠᠪᠲᠠᠨ ᠢᠯᠡᠷᠡᠬᠦ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠰᠠᠭᠤᠳᠠᠯ ᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠵᠤ᠂ ᠳᠡᠭᠡᠭᠰᠢᠯᠡᠭᠦᠯᠬᠦ ᠶᠢ ᠪᠦᠲᠦᠮᠵᠢᠲᠡᠶ ᠪᠣᠯᠭᠠᠬᠤ ᠬᠡᠷᠡᠭᠲᠡᠶ᠃
     ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠨᠢ ᠨᠢᠭᠡ ᠤᠳᠠᠭᠠᠨ ᠤ ᠲᠤᠬᠠᠶ ᠶᠢᠨ ᠭᠠᠵᠠᠷ ᠤᠨ ᠪᠠᠶᠢᠴᠠᠭᠠᠯᠲᠠ ᠪᠣᠯᠬᠤ ᠪᠠᠷ ᠪᠠᠷᠠᠬᠤ ᠥᠬᠡᠶ᠂ ᠨᠠᠩ ᠴᠤ ᠨᠢᠭᠡ ᠤᠳᠠᠭᠠᠨ ᠤ ᠪᠥᠬᠦ ᠲᠠᠯ᠎ᠠ ᠪᠠᠷ ᠳᠡᠭᠡᠭᠰᠢᠯᠡᠭᠦᠯᠬᠦ ᠠᠵᠠ ᠲᠣᠬᠢᠶᠠᠯ ᠪᠣᠯᠬᠤ ᠶᠤᠮ᠃ ᠪᠠᠶᠢᠴᠠᠭᠠᠯᠲᠠ ᠪᠠᠷ ᠳᠡᠮᠵᠢᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ ᠰᠢᠢᠳᠪᠦᠷᠢᠯᠡᠵᠦ᠂ ᠠᠷᠢᠭᠤᠨ ᠴᠡᠪᠡᠷ ᠤᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠳᠥᠯᠭᠢᠨ ᠠᠬᠢᠭᠤᠯᠪᠠ᠃ ᠡᠭᠦᠨ ᠤ ᠵᠡᠷᠭᠡ ᠳᠤ᠂ ᠡᠨᠡ ᠨᠢ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠤᠨ ᠢᠷᠡᠭᠡᠳᠦᠶ ᠶᠢᠨ ᠠᠵᠢᠯ ᠤᠨ ᠴᠢᠭᠯᠡᠯ ᠢ ᠲᠣᠳᠣᠷᠬᠠᠶ ᠵᠢᠭᠠᠭᠰᠠᠨ ᠪᠠᠶᠢᠨ᠎ᠠ᠃      ᠢᠷᠡᠭᠡᠳᠦᠶ ᠳᠤ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠪᠠᠷ ᠰᠢᠨ᠎ᠡ ᠭᠠᠷᠤᠭ᠎ᠠ ᠪᠣᠯᠭᠠᠵᠤ᠂ ᠬᠤᠲᠠ ᠬᠥᠳᠡᠭᠡ ᠶᠢᠨ ᠠᠷᠢᠭᠤᠨ ᠴᠡᠪᠡᠷ ᠤᠨ ᠪᠠᠷᠢᠮᠵᠢᠶ᠎ᠠ ᠶᠢ ᠦᠷᠭᠦᠯᠵᠢᠯᠡᠨ ᠵᠢᠷᠤᠮᠵᠢᠭᠤᠯᠤᠨ ᠳᠡᠭᠡᠭᠰᠢᠯᠡᠭᠦᠯᠦᠨ᠎ᠡ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠶᠠᠰᠤ ᠴᠢᠨᠠᠷ ᠤᠨ ᠰᠢᠰᠲ᠋ᠧᠮᠵᠢ ᠶᠢ ᠲᠡᠭᠦᠯᠳᠡᠷᠵᠢᠭᠦᠯᠬᠦ᠂ ᠬᠠᠮᠢᠶᠠᠷᠤᠯᠲᠠ ᠪᠠ ᠬᠢᠨᠠᠯᠲᠠ ᠲᠠᠯᠪᠢᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ᠂ ᠱᠠᠩᠨᠠᠵᠤ ᠲᠣᠷᠭᠠᠬᠤ ᠡᠷᠴᠢᠮ ᠢ ᠴᠢᠩᠭᠠᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠠᠷᠢᠮᠵᠢᠶ᠎ᠠ ᠪᠠᠷ ᠵᠢᠯᠣᠭᠤᠳᠣᠯᠭ᠎ᠠ ᠪᠣᠯᠭᠠᠵᠤ᠂ ᠶᠠᠰᠤ ᠴᠢᠨᠠᠷ ᠢᠶᠠᠷ ᠲᠤᠯᠭᠠᠭᠤᠷᠢᠯᠠᠯ ᠪᠣᠯᠭᠠᠨ᠂ ᠰᠢᠯᠭᠠᠨ ᠬᠢᠨᠠᠬᠤ ᠪᠠᠷ ᠪᠠᠲᠤᠯᠠᠭ᠎ᠠ ᠪᠣᠯᠭᠠᠵᠤ᠂ ᠪᠥᠬᠦ ᠲᠤᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠶᠠᠰᠤ ᠴᠢᠨᠠᠷ ᠤᠨ ᠲᠠᠰᠤᠷᠠᠯᠲᠠ ᠥᠬᠡᠶ ᠵᠡᠷᠭᠡ ᠲᠠᠰ ᠳᠡᠪᠰᠢᠬᠦ ᠶᠢ ᠠᠬᠢᠭᠤᠯᠵᠤ᠂ ᠬᠤᠲᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠠᠵᠢᠯ ᠳᠤ ᠨᠠᠩ ᠶᠡᠭᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号