2024 ᠣᠨ ᠤ ᠨᠢᠭᠡᠳᠦᠭᠡᠷ ᠤᠯᠠᠷᠢᠯ ᠤᠨ ᠪᠥᠬᠦ ᠲᠤᠭᠤᠷᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ ᠤᠨ ᠲᠤᠬᠠᠶ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠡᠯᠡᠯ
ᠨᠡᠶᠢᠲᠡᠯᠡᠭᠰᠡᠨ ᠴᠠᠭ᠄
2024/4/10
ᠪᠠᠭ᠎ᠠ ᠲᠦᠷᠭᠡᠨ ᠭᠤᠤᠯ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠭᠦᠯᠡᠨ ᠳᠤᠮᠳᠠ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠳᠦᠷᠢᠮᠲᠦ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠮᠠᠨ ᠤ ᠲᠤᠭᠤᠷᠢᠭ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠵᠢᠷᠤᠮᠵᠢᠭᠤᠯᠬᠤ ᠶᠢᠨ ᠲᠦᠯᠦᠭᠡ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠠᠴᠠ 2024 ᠣᠨ ᠤ 4 ᠳ᠋ᠤᠭᠡᠷ ᠰᠠᠷ᠎ᠠ ᠶᠢᠨ 2 ᠤᠨ ᠡᠳᠦᠷ ᠲᠤᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠲᠠᠪᠴᠠᠩ ᠢᠶᠠᠷ ᠳᠠᠮᠵᠢᠭᠤᠯᠤᠨ ᠡᠯ᠎ᠡ ᠰᠠᠯᠠᠭ᠎ᠠ ᠮᠥᠴᠢᠷ ᠤᠨ 2024 ᠣᠨ ᠤ ᠨᠢᠭᠡᠳᠦᠭᠡᠷ ᠤᠯᠠᠷᠢᠯ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠠᠶᠢᠳᠠᠯ ᠳᠤ ᠪᠠᠶᠢᠴᠠᠭᠠᠯᠲᠠ ᠬᠢᠵᠦ᠂ ᠡᠳᠦᠭᠡ ᠡᠯ᠎ᠡ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠶᠡᠷᠦᠩᠬᠡᠶ ᠪᠠᠶᠢᠳᠠᠯ      ᠨᠢᠭᠡᠳᠦᠭᠡᠷ ᠤᠯᠠᠷᠢᠯ ᠳᠤ ᠲᠣᠭᠤᠷᠢᠭ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ ᠪᠦᠬᠦᠯᠢ ᠴᠣᠭᠴᠠ ᠶᠢᠨ ᠠᠵᠢᠯᠯᠠᠭᠠᠨ ᠤ ᠪᠠᠶᠢᠳᠠᠯ ᠨᠡᠯᠢᠶᠡᠳ ᠰᠠᠶᠢᠨ ᠪᠠᠶᠢᠵᠤ᠂ ᠥᠷᠲᠡᠭᠡ ᠴᠡᠭ ᠢ ᠰᠤᠷᠪᠤᠯᠵᠢᠯᠠᠬᠤ ᠶᠢᠨ ᠠᠷᠭ᠎ᠠ ᠥᠬᠡᠶ᠂ ᠲᠦᠷᠦᠭᠦᠤ ᠨᠢᠭᠤᠷ ᠢ ᠰᠢᠨᠡᠳᠭᠡᠭᠰᠡᠨ ᠥᠬᠡᠶ᠂ ᠠᠮᠤᠷ ᠲᠦᠪᠰᠢᠨ᠂ ᠨᠢᠭᠤᠴᠠ ᠶᠢ ᠵᠠᠳᠠᠷᠠᠭᠤᠯᠤᠭᠰᠠᠨ ᠠᠳᠡᠯ ᠵᠡᠷᠭᠡ ᠬᠦᠨᠳᠦ ᠨᠣᠴᠢᠲᠠᠶ ᠠᠰᠠᠭᠤᠳᠠᠯ ᠭᠠᠷᠤᠭᠰᠠᠨ ᠥᠬᠡᠶ᠃ ᠨᠢᠭᠡᠳᠦᠭᠡᠷ ᠤᠯᠠᠷᠢᠯ ᠳᠤ ᠲᠣᠭᠤᠷᠢᠭ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠡᠯ᠎ᠡ ᠵᠦᠢᠯ ᠤᠨ ᠮᠡᠳᠡᠭᠡ ᠵᠠᠩᠭᠢ ᠶᠢ 905 ᠬᠤᠪᠢ ᠨᠡᠶᠢᠲᠡᠯᠡᠵᠦ᠂ ᠡᠭᠦᠨ ᠳᠤ᠄ ᠪᠠᠭ᠎ᠠ ᠵᠣᠣ ᠡᠮᠦᠨ᠎ᠡ ᠵᠡᠭᠡᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠴᠠᠩ ᠾᠧ ᠯᠠᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠡᠯ᠎ᠡ ᠪᠠᠯᠭᠠᠰᠤ ᠵᠡᠭᠡᠯᠢ ᠭᠤᠳᠤᠮᠵᠢ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠠᠷ ᠨᠡᠶᠢᠲᠡᠯᠡᠭᠰᠡᠨ ᠬᠡᠮᠵᠢᠶᠡᠨ ᠤ ᠡᠮᠦᠨ᠎ᠡ ᠭᠤᠷᠪᠠ ᠳᠤ ᠣᠷᠣᠵᠤ᠂ ᠵᠠᠰᠠᠭ ᠤᠨ ᠣᠷᠳᠣᠨ ᠤ ᠠᠯᠪᠠᠨ ᠬᠡᠷ᠂ ᠤᠰᠤᠨ ᠤ ᠶᠠᠪᠤᠳᠠᠯ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠠᠷ ᠨᠡᠶᠢᠲᠡᠯᠡᠭᠰᠡᠨ ᠬᠡᠮᠵᠢᠶᠡᠨ ᠤ ᠡᠮᠦᠨ᠎ᠡ ᠭᠤᠷᠪᠠ ᠳᠤ ᠣᠷᠣᠵᠤ᠂ ᠳᠡᠭᠡᠷᠡᠬᠢ ᠪᠠᠯᠭᠠᠰᠤ ᠵᠡᠭᠡᠯᠢ ᠭᠤᠳᠤᠮᠵᠢ ᠪᠠ ᠰᠠᠯᠠᠭ᠎ᠠ ᠮᠥᠴᠢᠷ ᠢ ᠵᠠᠷᠯᠠᠨ ᠮᠡᠳᠡᠭᠳᠡᠵᠦ ᠰᠠᠶᠢᠰᠢᠶᠠᠨ᠎ᠠ᠃      ᠬᠤᠶᠠᠷ᠂ ᠣᠷᠣᠰᠢᠵᠤ ᠪᠠᠶᠢᠭ᠎ᠠ ᠠᠰᠠᠭᠤᠳᠠᠯ      ︵ᠨᠢᠭᠡ︶ ᠮᠡᠳᠡᠭᠡ ᠵᠠᠩᠭᠢ ᠨᠡᠶᠢᠲᠡᠯᠡᠬᠦ ᠪᠠᠲᠤᠯᠠᠭ᠎ᠠ ᠶᠢ ᠪᠣᠳᠠᠲᠠᠶᠢᠵᠢᠭᠤᠯᠤᠭᠰᠠᠨ ᠥᠬᠡᠶ᠃ ᠬᠡᠰᠡᠭ ᠰᠠᠯᠠᠭ᠎ᠠ ᠮᠥᠴᠢᠷ ᠲᠣᠭᠲᠠᠮᠠᠯ ᠬᠤᠭᠤᠴᠠᠭ᠎ᠠ ᠲᠠᠢ ᠪᠠᠷ ᠥᠪᠡᠷ ᠤᠨ ᠪᠠᠶᠢᠴᠠᠭᠠᠯᠲᠠ ᠬᠢᠭᠰᠡᠨ ᠥᠬᠡᠶ ᠠᠴᠠ ᠪᠣᠯᠵᠣ᠂ ᠣᠨᠴᠠ ᠵᠠᠷᠢᠮ ᠪᠤᠯᠤᠩ ᠳᠤ ᠰᠢᠨᠡᠳᠬᠡᠬᠦ ᠶᠣᠰᠣᠲᠠᠶ ᠪᠠᠶᠢᠲᠠᠯ᠎ᠠ ᠰᠢᠨᠡᠳᠬᠡᠭᠰᠡᠨ ᠥᠬᠡᠶ ᠪᠠᠶᠢᠳᠠᠯ ᠣᠷᠣᠰᠢᠵᠤ᠂ ᠬᠡᠰᠡᠭ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠴᠢᠬᠤᠯᠠᠴᠢᠯᠠᠭᠰᠠᠨ ᠢᠶᠠᠷ ᠬᠦᠷᠦᠯᠴᠡᠬᠦ ᠥᠬᠡᠶ᠂ ᠣᠨᠴᠠ ᠵᠠᠷᠢᠮ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠬᠡᠮᠵᠢᠶ᠎ᠡ ᠬᠡᠲᠦ ᠪᠠᠭ᠎ᠠ ᠪᠠᠶᠢᠬᠤ ᠶᠢ ᠲᠤᠰᠬᠠᠵᠤ ᠪᠠᠶᠢᠨ᠎ᠠ᠂ ᠵᠢᠱᠢᠶᠡᠯᠡᠪᠡᠯ ︽ᠡᠳ᠋ ᠤᠨ ᠵᠠᠰᠠᠭ ᠤᠨ ᠲᠣᠪᠴᠢᠶ᠎ᠠ︾ ︽ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ︾ ︽ᠭᠠᠵᠠᠷ ᠰᠢᠷᠣᠶ ᠶᠢ ᠡᠮᠬᠢᠯᠡᠨ ᠴᠡᠭᠴᠡᠯᠡᠬᠦ ᠲᠦᠷᠦᠯ ᠵᠦᠢᠯ ᠤᠨ ᠦᠢᠯᠡᠴᠢᠯᠡᠭᠡᠨ ᠤ ᠲᠥᠪ︾ ᠵᠡᠷᠭᠡ ᠰᠠᠯᠠᠭ᠎ᠠ ᠮᠥᠴᠢᠷ ᠤᠨ ᠨᠢᠭᠡᠳᠦᠭᠡᠷ ᠤᠯᠠᠷᠢᠯ ᠤᠨ ᠮᠡᠳᠡᠭᠡ ᠵᠠᠩᠭᠢ ᠶᠢ ᠨᠡᠶᠢᠲᠡᠯᠡᠭᠰᠡᠨ ᠨᠢ ᠴᠥᠮ 10 ᠵᠦᠢᠯ ᠠᠴᠠ ᠳᠤᠲᠠᠭᠤ ᠪᠠᠶᠢᠨ᠎ᠠ︔      ︵ᠬᠤᠶᠠᠷ︶ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠠᠯ᠎ᠠ ᠪᠠᠷ ᠪᠦᠷᠢᠨ ᠪᠤᠰᠤ ᠪᠠᠶᠢᠨ᠎ᠠ᠃ ᠬᠡᠰᠡᠭ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠳᠠᠭᠠᠨ ᠪᠥᠬᠦ ᠲᠠᠯ᠎ᠠ ᠶᠢᠨ ᠴᠢᠨᠠᠷ ᠢᠶᠠᠷ ᠳᠤᠲᠠᠮᠠᠭ ᠪᠠᠶᠢᠵᠤ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ᠂ ᠢᠳᠡᠭᠡᠨ ᠤ ᠠᠮᠤᠷ ᠲᠦᠪᠰᠢᠨ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠰᠢᠢᠳᠪᠦᠷᠢᠯᠡᠬᠦ᠂ ᠲᠠᠷᠢᠶᠠᠯᠠᠩ ᠳᠤ ᠬᠤᠯᠪᠣᠭᠳᠠᠭᠰᠠᠨ ᠨᠥᠬᠦᠪᠥᠷᠢ᠂ ᠨᠡᠶᠢᠭᠡᠮ ᠤᠨ ᠠᠪᠤᠷᠠᠨ ᠲᠤᠰᠠᠯᠠᠯᠲᠠ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ᠂ ᠵᠢᠷᠤᠮᠵᠢᠯ ᠲᠠᠢ ᠲᠥᠪᠯᠡᠷᠡᠭᠦᠯᠦᠨ ᠢᠯᠡ ᠪᠣᠯᠭᠠᠭᠰᠠᠨ ᠥᠬᠡᠶ︔      ︵ᠭᠤᠷᠪᠠ︶ ᠰᠢᠨ᠎ᠡ ᠵᠠᠭᠤᠴᠢᠯᠠᠭᠤᠷ ᠢ ᠢᠳᠡᠪᠬᠢᠲᠡᠶ ᠰᠢᠨᠡᠳᠬᠡᠭᠰᠡᠨ ᠥᠬᠡᠶ ᠠᠴᠠ ᠪᠣᠯᠵᠣ᠂ ᠠᠵᠢᠯ ᠢ ᠰᠠᠨᠠᠭᠠᠴᠢᠯᠠᠭᠠᠲᠤ ᠪᠤᠰᠤ ᠪᠠᠶᠢᠳᠠᠯ ᠳᠤ ᠣᠷᠣᠭᠤᠯᠪᠠ᠂ ᠵᠢᠱᠢᠶᠡᠯᠡᠪᠡᠯ ︽ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︾ ︽ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ︾ ︽ᠲᠤᠭ᠎ᠠ ᠪᠦᠷᠢᠳᠬᠡᠯ ᠤᠨ ᠲᠣᠪᠴᠢᠶ᠎ᠠ︾ ᠵᠡᠷᠭᠡ ᠣᠨᠴᠠ ᠵᠠᠷᠢᠮ ᠰᠠᠯᠠᠭ᠎ᠠ ᠮᠥᠴᠢᠷ ᠲᠤ ᠠᠭᠤᠯᠭ᠎ᠠ ᠶᠢ ᠴᠠᠭ ᠲᠤᠬᠠᠶ ᠳᠤᠨᠢ ᠰᠢᠨᠡᠳᠬᠡᠭᠰᠡᠨ ᠥᠬᠡᠶ ᠠᠰᠠᠭᠤᠳᠠᠯ ᠣᠷᠣᠰᠢᠵᠤ ᠪᠠᠶᠢᠨ᠎ᠠ᠃ ᠡᠭᠦᠨ ᠤ ᠬᠠᠮᠲᠤ᠂ ᠣᠨᠴᠠ ᠵᠠᠷᠢᠮ ᠰᠠᠯᠠᠭ᠎ᠠ ᠮᠥᠴᠢᠷ ᠤᠨ ᠠᠭᠤᠯᠭ᠎ᠠ ᠶᠢ ᠬᠢᠨᠠᠨ ᠬᠠᠷᠭᠤᠭᠤᠯᠤᠭᠰᠠᠨ ᠨᠢ ᠴᠢᠩᠭ᠎ᠠ ᠪᠢᠰᠢ ᠪᠠᠶᠢᠵᠤ᠂ ᠪᠤᠷᠤᠭᠤ ᠢᠯᠡᠳᠭᠡᠬᠦ ᠠᠰᠠᠭᠤᠳᠠᠯ ᠢᠯᠡᠷᠡᠭᠰᠡᠨ ᠪᠠᠶᠢᠨ᠎ᠠ᠂ ᠵᠢᠱᠢᠶᠡᠯᠡᠪᠡᠯ ︽ᠰᠤᠷᠭᠠᠨ ᠬᠥᠮᠦᠵᠢᠯ ᠤᠨ ᠲᠣᠪᠴᠢᠶ᠎ᠠ︾ ︽ᠬᠠᠤᠯᠢ ᠴᠠᠭᠠᠵᠠ ᠶᠢᠨ ᠲᠣᠪᠴᠢᠶ᠎ᠠ︾ ︽ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ︾ ︽ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ︾ ᠵᠡᠷᠭᠡ ᠪᠤᠢ᠃      ᠭᠤᠷᠪᠠ᠂ ᠲᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ      ︵ᠨᠢᠭᠡ︶ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ︽ᠢᠯᠡ ᠪᠣᠯᠭᠠᠬᠤ ᠶᠢ ᠬᠡᠪ ᠤᠨ ᠪᠠᠶᠢᠳᠠᠯ ᠪᠣᠯᠭᠠᠵᠤ᠂ ᠢᠯᠡ ᠪᠣᠯᠭᠠᠬᠤ ᠥᠬᠡᠶ ᠶᠢ ᠣᠨᠴᠠᠭᠠᠶ ᠪᠠᠶᠢᠳᠠᠯ ᠪᠣᠯᠭᠠᠬᠤ︾ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠨᠡᠨᠬᠦ ᠠᠬᠢᠭᠤᠯᠬᠤ ᠬᠡᠷᠡᠭᠲᠡᠶ︔      ︵ᠬᠤᠶᠠᠷ︶ ᠭᠤᠤᠯᠳᠠᠯᠭ᠎ᠠ ᠲᠠᠢ ᠬᠦᠷᠢᠶᠡᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠦᠨᠡᠨᠬᠦ ᠴᠢᠩᠭᠠᠳᠬᠠᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ︔      ︵ᠭᠤᠷᠪᠠ︶ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢ ᠪᠥᠬᠦ ᠲᠠᠯ᠎ᠠ ᠪᠠᠷ ᠴᠢᠩᠭᠠᠷᠠᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠵᠤ ᠨᠡᠶᠢᠲᠡᠯᠡᠬᠦ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ︽ᠭᠤᠷᠪᠠ ᠶᠢ ᠬᠢᠨᠠᠵᠤ ᠭᠤᠷᠪᠠ ᠶᠢ ᠬᠠᠷᠭᠤᠭᠤᠯᠬᠤ︾ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠶᠢ ᠴᠢᠩᠭᠠᠳᠬᠠᠵᠤ᠂ ᠪᠤᠷᠤᠭᠤ ᠢᠯᠡᠳᠬᠡᠬᠦ᠂ ᠮᠡᠳᠡᠭᠡ ᠵᠠᠩᠭᠢ ᠶᠢ ᠵᠠᠳᠠᠷᠠᠭᠤᠯᠬᠤ ᠵᠡᠷᠭᠡ ᠠᠰᠠᠭᠤᠳᠠᠯ ᠭᠠᠷᠬᠤ ᠶᠢ ᠡᠷᠡᠰ  ᠬᠤᠷᠢᠭᠯᠠᠬᠤ ᠬᠡᠷᠡᠭᠲᠡᠢ᠃      ︵ᠳᠥᠷᠪᠡ︶ ᠡᠯ᠎ᠡ ᠰᠠᠯᠠᠭ᠎ᠠ ᠮᠥᠴᠢᠷ ᠤᠨ ᠰᠦᠯᠵᠢᠶᠡᠨ ᠥᠷᠲᠡᠭᠡ ᠶᠢᠨ ᠡᠮᠦᠨ᠎ᠡ ᠲᠠᠪᠴᠠᠩ ᠤᠨ ᠡᠯ᠎ᠡ ᠪᠤᠯᠤᠩ ᠢ ᠰᠠᠷ᠎ᠠ ᠳᠤ ᠨᠢᠭᠡ ᠤᠳᠠᠭ᠎ᠠ ᠰᠢᠨᠡᠳᠬᠡᠬᠦ ᠬᠡᠷᠡᠭᠲᠡᠶ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ 10 ᠡᠳᠦᠷ ᠲᠤ ᠨᠢᠭᠡ ᠤᠳᠠᠭ᠎ᠠ ᠰᠢᠨᠡᠳᠬᠡᠬᠦ ᠬᠡᠷᠡᠭᠲᠡᠶ ᠭᠡᠵᠦ ᠱᠠᠭᠠᠷᠳᠠᠪᠠ᠃      ᠲᠤᠭᠤᠷᠢᠭ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠪᠣᠳᠠᠲᠠᠶ ᠬᠠᠷᠢᠭᠤᠴᠠᠯᠭᠠᠲᠠᠨ᠄ ᠸᠠᠩ ᡁᠢ ᠯᠢ  ᠶᠢᠨ ᠯᠢᠶᠠᠩ   ᠹᠧᠩ ᠶᠤᠸᠠᠨ ᠶᠤᠸᠠᠨ      ᠬᠠᠷᠢᠯᠴᠠᠬᠤ ᠤᠲᠠᠰᠤ᠄ 4938562      ᠣᠨᠴᠠᠭᠠᠶᠢᠯᠠᠨ ᠮᠡᠳᠡᠭᠳᠡᠪᠡ                  2024 ᠣᠨ ᠤ 4 ᠳ᠋ᠤᠭᠡᠷ ᠰᠠᠷ᠎ᠠ ᠶᠢᠨ 9 ᠤ ᠡᠳᠦᠷ         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号