ᠢᠦᠶ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠠᠶᠢᠯᠪᠤᠷᠢᠯᠠᠭᠴᠢ ᠶᠢᠨ ᠪᠣᠯᠪᠠᠰᠤᠷᠠᠭᠤᠯᠤᠯ ᠥᠷᠨᠢᠭᠦᠯᠪᠡ
ᠨᠡᠶᠢᠲᠡᠯᠡᠭᠰᠡᠨ ᠴᠠᠭ᠄
2024/4/10
     ᠲᠠᠶᠢᠯᠪᠤᠷᠢᠯᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠠᠶᠢᠯᠪᠤᠷᠢᠯᠠᠭᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠤᠯᠤᠰ ᠲᠥᠷᠥ ᠶᠢᠨ ᠬᠡᠪ ᠴᠢᠨᠠᠷ ᠢᠶᠠᠷ ᠰᠠᠶᠢᠨ᠂ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠠᠷ ᠥᠨᠳᠥᠷ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠰᠢᠨ᠎ᠡ ᠴᠠᠭ ᠦᠶ᠎ᠡ ᠶᠢᠨ ᠲᠠᠶᠢᠯᠪᠤᠷᠢᠯᠠᠬᠤ ᠴᠢᠳᠠᠪᠤᠷᠢᠲᠠᠨ ᠤ ᠡᠩᠨᠡᠭᠡ ᠶᠢ ᠬᠦᠴᠦᠯᠡᠨ ᠪᠠᠶᠢᠭᠤᠯᠬᠤ ᠶᠢᠨ ᠲᠦᠯᠦᠭᠡ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠠᠶᠢᠯᠪᠤᠷᠢᠯᠠᠭᠴᠢ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠪᠡ᠃
     ᠲᠣᠰ ᠤᠳᠠᠭᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠳᠤ ᠲᠤᠬᠠᠶ ᠶᠢᠨ ᠲᠠᠯᠠᠪᠤᠷ ᠲᠤ ᠬᠠᠷᠢᠯᠴᠠᠨ ᠦᠢᠯᠡᠳᠦᠯᠴᠡᠬᠦ ᠵᠢᠭᠠᠨ ᠰᠤᠷᠭᠠᠬᠤ ᠠᠷᠭ᠎ᠠ ᠮᠠᠶ᠋ᠢᠭ ᠢ ᠠᠪᠴᠤ᠂ ᠠᠬᠠᠮᠠᠳ ᠲᠠᠶᠢᠯᠪᠤᠷᠢᠯᠠᠭᠴᠢ ᠰᠢᠨ᠎ᠡ ᠲᠠᠶᠢᠯᠪᠤᠷᠢᠯᠠᠭᠴᠢ ᠶᠢ ᠳᠠᠭᠠᠭᠤᠯᠤᠨ ᠦᠵᠡᠭᠦᠯᠦᠯᠭᠡ ᠶᠢᠨ ᠲᠢᠩᠬᠢᠮ ᠳᠤ ᠣᠷᠣᠵᠤ᠂ ᠢᠦᠢ ᠴᠢᠤᠸᠠᠨ ᠲᠣᠭᠤᠷᠢᠭ ᠤᠨ ᠰᠣᠶᠣᠯ ᠤᠨ ᠣᠨᠴᠠᠯᠢᠭ ᠪᠠ ᠵᠢᠭᠤᠯᠴᠢᠯᠠᠯ ᠤᠨ ᠡᠬᠢ ᠪᠠᠶᠠᠯᠢᠭ ᠲᠠᠢ ᠤᠶᠠᠯᠳᠤᠭᠤᠯᠤᠨ ᠵᠢᠭᠤᠯᠴᠢᠯᠠᠯ ᠤᠨ ᠲᠠᠶᠢᠯᠪᠤᠷᠢᠯᠠᠯᠲᠠ ᠶᠢᠨ ᠦᠨᠳᠦᠰᠦᠨ ᠤᠷ᠎ᠠ ᠮᠡᠷᠭᠡᠵᠢᠯ᠂ ᠲᠡᠤᠬᠡ ᠰᠣᠶᠣᠯ ᠤᠨ ᠤᠯᠠᠮᠵᠢᠯᠠᠯ ᠪᠠ ᠢᠯᠡᠳᠬᠡᠯ᠂ ᠵᠢᠭᠤᠯᠴᠢᠯᠠᠭᠴᠢᠳ ᠤᠨ ᠰᠡᠳᠬᠢᠴᠡ ᠪᠠ ᠨᠡᠪᠲᠡᠷᠡᠯᠴᠡᠬᠦ ᠤᠷ᠎ᠠ ᠮᠡᠷᠭᠡᠵᠢᠯ ᠵᠡᠷᠭᠡ ᠲᠠᠯ᠎ᠠ ᠶᠢᠨ ᠮᠡᠳᠡᠯᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠠᠶᠢᠯᠪᠤᠷᠢᠯᠠᠭᠰᠠᠨ ᠪᠠᠶᠢᠨ᠎ᠠ᠃ ᠡᠭᠦᠨ ᠤ ᠵᠡᠷᠭᠡ ᠳᠤ ᠪᠠᠰᠠ ᠳᠠᠭᠤᠷᠢᠶᠠᠮᠠᠯ ᠲᠠᠶᠢᠯᠤᠮᠵᠢ᠂ ᠬᠠᠷᠢᠯᠴᠠᠨ ᠦᠢᠯᠡᠳᠦᠯᠴᠡᠬᠦ ᠠᠰᠠᠭᠤᠯᠲᠠ ᠬᠠᠷᠢᠭᠤᠯᠲᠠ ᠵᠡᠷᠭᠡ ᠭᠤᠭᠴᠤᠭ᠎ᠠ ᠭᠠᠷᠭᠠᠵᠤ᠂ ᠲᠠᠶᠢᠯᠪᠤᠷᠢᠯᠠᠭᠴᠢᠳ ᠢ ᠦᠢᠯᠡᠳᠦᠯᠭᠡ ᠶᠢᠨ ᠳᠤᠮᠳᠠ ᠥᠪᠡᠷ ᠤᠨ ᠲᠠᠶᠢᠯᠪᠤᠷᠢᠯᠠᠬᠤ ᠴᠢᠳᠠᠪᠤᠷᠢ ᠪᠣᠯᠤᠨ ᠦᠢᠯᠡᠴᠢᠯᠡᠭᠡᠨ ᠤ ᠬᠢᠷᠢ ᠲᠦᠪᠰᠢᠨ ᠢᠶᠠᠨ ᠲᠠᠰᠤᠷᠠᠯᠲᠠ ᠦᠭᠡᠶ ᠳᠡᠭᠡᠭᠰᠢᠯᠡᠭᠦᠯᠬᠦ ᠪᠣᠯᠭᠠᠵᠠᠶ᠃ ᠪᠣᠯᠪᠠᠰᠤᠷᠠᠭᠤᠯᠤᠯ ᠳᠤ ᠪᠠᠰᠠ ᠲᠠᠶᠢᠯᠪᠤᠷᠢᠯᠠᠭᠴᠢ ᠨᠠᠷ ᠢᠮᠠᠭᠲᠠ ᠬᠠᠯᠠᠭᠤᠮᠰᠤᠭ᠂ ᠬᠦᠯᠢᠴᠡᠩᠭᠦᠶ᠂ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠣᠪᠣᠷ ᠲᠠᠢ ᠪᠠᠶᠢᠵᠤ᠂ ᠵᠢᠭᠤᠯᠴᠢᠯᠠᠭᠴᠢᠳ ᠲᠤ ᠪᠥᠬᠦ ᠲᠠᠯ᠎ᠠ ᠶᠢᠨ᠂ ᠴᠢᠨᠠᠷ ᠰᠠᠶᠢᠲᠠᠶ ᠵᠢᠭᠤᠯᠴᠢᠯᠠᠯ ᠤᠨ ᠲᠠᠶᠢᠯᠪᠤᠷᠢᠯᠠᠯᠲᠠ ᠶᠢᠨ ᠦᠢᠯᠡᠴᠢᠯᠡᠭᠡ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠵᠠᠶ᠃
     ᠪᠣᠯᠪᠠᠰᠤᠷᠠᠭᠤᠯᠤᠯ ᠳᠤ ᠣᠷᠣᠯᠴᠠᠭᠰᠠᠨ ᠲᠠᠶᠢᠯᠪᠤᠷᠢᠯᠠᠭᠴᠢᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠣᠯᠪᠠᠰᠤᠷᠠᠭᠤᠯᠤᠯ ᠨᠢ ᠲᠡᠳᠡᠨ ᠳᠤ ᠶᠡᠭᠡ ᠠᠰᠢᠭ ᠲᠤᠰᠠ ᠬᠦᠷᠲᠡᠭᠡᠭᠰᠡᠨ ᠶᠤᠮ᠂ ᠪᠣᠯᠪᠠᠰᠤᠷᠠᠭᠤᠯᠤᠯ ᠢᠶᠠᠷ ᠳᠡᠮᠵᠢᠨ ᠮᠡᠳᠡᠯᠭᠡ ᠪᠠᠨ ᠨᠡᠮᠡᠭᠳᠡᠭᠦᠯᠵᠦ᠂ ᠤᠷ᠎ᠠ ᠴᠢᠳᠠᠪᠤᠷᠢ ᠪᠠᠨ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠦᠢᠯᠡᠴᠢᠯᠡᠭᠡᠨ ᠤ ᠤᠬᠠᠮᠰᠠᠷ ᠪᠠ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠦᠭᠰᠡᠨ ᠪᠠᠶᠢᠨ᠎ᠠ ᠭᠡᠵᠡᠶ᠃ ᠢᠷᠡᠭᠡᠳᠦᠶ ᠳᠤ ᠨᠠᠩ ᠣᠷᠭᠢᠯᠤᠮ᠎ᠠ ᠬᠠᠯᠠᠭᠤᠨ ᠰᠡᠳᠬᠢᠯᠭᠡ ᠪᠠ ᠲᠤᠰᠬᠠᠶ ᠮᠡᠷᠭᠡᠵᠢᠯ ᠤᠨ ᠣᠪᠣᠷ ᠢᠶᠠᠷ ᠵᠢᠭᠤᠯᠴᠢᠯᠠᠭᠴᠢᠳ ᠲᠤ ᠨᠠᠩ ᠰᠢᠯᠢᠳᠡᠭ ᠵᠢᠭᠤᠯᠴᠢᠯᠠᠯ ᠤᠨ ᠲᠠᠶᠢᠯᠪᠤᠷᠢᠯᠠᠯᠲᠠ ᠶᠢᠨ ᠦᠢᠯᠡᠴᠢᠯᠡᠭᠡ ᠬᠠᠩᠭᠠᠬᠤ ᠪᠣᠯᠤᠨ᠎ᠠ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号