ᠤᠷᠳᠤᠰ ᠵᠠᠮ ᠤᠨ ᠵᠡᠭᠡᠯᠢ ᠭᠤᠳᠤᠮᠵᠢ ᠳᠤ ᠢᠦᠢ ᠴᠢᠤᠸᠠᠨ ᠲᠣᠭᠤᠷᠢᠭ ᠤᠨ ᠲᠤᠤᠷᠵᠢᠭᠰᠠᠨ ᠰᠦᠯᠵᠢᠶᠡᠨ ᠤ ᠠᠵᠢᠯᠲᠠᠳ ᠤᠨ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠲᠤᠷᠰᠢᠯᠭ᠎ᠠ ᠪᠠᠨ ᠬᠤᠪᠢᠶᠠᠯᠴᠠᠵᠤ ᠰᠠᠨᠠᠯ ᠢᠶᠠᠨ ᠰᠤᠯᠢᠯᠴᠠᠬᠤ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/4/11
     ᠲᠤᠤᠷᠵᠢᠭᠰᠠᠨ ᠰᠦᠯᠵᠢᠶᠡᠨ ᠤ ᠠᠵᠢᠯᠲᠠᠳ ᠤᠨ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠪᠠ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠪᠥᠬᠦ ᠲᠤᠭᠤᠷᠢᠭ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠤᠨ ᠳᠤᠮᠳᠠ ᠪᠣᠶ ᠪᠣᠯᠤᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠤᠬᠠᠭᠤᠯᠤᠨ ᠳᠡᠯᠭᠡᠷᠡᠭᠦᠯᠵᠦ᠂ ᠮᠠᠨ ᠤ ᠲᠤᠭᠤᠷᠢᠭ ᠤᠨ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠶᠢᠨ ᠲᠦᠯᠦᠭᠡ᠂ 4 ᠳ᠋ᠤᠭᠡᠷ ᠰᠠᠷ᠎ᠠ ᠶᠢᠨ 8 ᠤ ᠡᠳᠦᠷ 6 ᠰᠢᠯᠢᠳᠡᠭ ᠲᠤᠤᠷᠵᠢᠭᠰᠠᠨ ᠰᠦᠯᠵᠢᠶᠡᠨ ᠤ ᠠᠵᠢᠯᠲᠠᠨ ᠢᠶᠠᠷ ᠪᠦᠷᠢᠯᠳᠦᠭᠰᠡᠨ ︽ᠢᠦᠶ ᠴᠢᠤᠸᠠᠨ ᠲᠣᠭᠤᠷᠢᠭ ᠤᠨ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠤᠬᠠᠭᠤᠯᠤᠨ ᠲᠠᠶᠢᠯᠪᠤᠷᠢᠯᠠᠬᠤ ᠪᠦᠯᠬᠦᠮ︾ ᠣᠷᠳᠣᠰ ᠵᠠᠮ ᠤᠨ ᠵᠡᠭᠡᠯᠢ ᠭᠤᠳᠤᠮᠵᠢ ᠳᠤ ᠬᠦᠷᠴᠦ ᠰᠦᠯᠵᠢᠶᠡᠨ ᠤ ᠠᠵᠢᠯᠲᠠᠨ ᠲᠠᠢ ᠲᠤᠷᠰᠢᠯᠭ᠎ᠠ ᠪᠠᠨ ᠬᠤᠪᠢᠶᠠᠯᠴᠠᠵᠤ ᠰᠠᠨᠠᠯ ᠢᠶᠠᠨ ᠰᠣᠯᠢᠯᠴᠠᠪᠠ᠃
     ᠡᠨᠡ ᠤᠳᠠᠭᠠᠨ ᠤ ᠬᠤᠷᠠᠯ ᠳᠤ 6 ᠰᠦᠯᠵᠢᠶᠡᠨ ᠤ ᠠᠵᠢᠯᠲᠠᠨ ᠲᠠᠢ ᠲᠤᠷᠰᠢᠯᠭ᠎ᠠ ᠪᠠᠨ ᠬᠤᠪᠢᠶᠠᠯᠴᠠᠬᠤ ᠪᠠᠷ ᠳᠡᠮᠵᠢᠨ᠂ ᠨᠡᠶᠢᠭᠡᠮ ᠤᠨ ᠵᠥᠷᠢᠴᠡᠯ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠦᠲᠦᠮᠵᠢᠲᠡᠢ ᠠᠷᠭ᠎ᠠ ᠬᠡᠯᠪᠡᠷᠢ ᠪᠣᠯᠤᠨ ᠠᠷᠭ᠎ᠠ ᠪᠤᠳᠤᠯᠭ᠎ᠠ ᠶᠢ ᠬᠠᠮᠲᠤᠪᠠᠷ ᠰᠦᠪᠡᠭᠴᠢᠯᠡᠵᠦ᠂ ᠰᠦᠯᠵᠢᠶᠡᠨ ᠤ ᠠᠵᠢᠯᠳᠠᠨ ᠤ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠬᠦ ᠠᠵᠢᠯ ᠤᠨ ᠣᠪᠣᠷ ᠢ ᠢᠯᠡᠷᠡᠭᠦᠯᠵᠦ᠂ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠵᠤ᠂ ᠤᠯᠠᠨ ᠠᠴᠠ ᠬᠡᠲᠦ᠋ᠢᠳᠦᠭᠰᠡᠨ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠲᠤᠤᠷᠵᠢᠭᠰᠠᠨ ᠰᠦᠯᠵᠢᠶᠡᠨ ᠤ ᠡᠩᠨᠡᠭᠡ ᠶᠢ ᠪᠠᠶᠢᠭᠤᠯᠬᠤ ᠳᠤ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠪᠠ᠃
     ︽ᠢᠦᠶ ᠴᠢᠤᠸᠠᠨ ᠲᠣᠭᠤᠷᠢᠭ ᠤᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠤᠬᠠᠭᠤᠯᠤᠨ ᠲᠠᠶᠢᠯᠪᠤᠷᠢᠯᠠᠬᠤ ᠪᠦᠯᠬᠦᠮ︾ ᠨᠢ ᠭᠤᠣᠯᠳᠠᠭᠤ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ᠂ ᠭᠡᠷ ᠪᠦᠯᠢ ᠶᠢᠨ ᠵᠥᠷᠢᠴᠡᠯ ᠵᠡᠷᠭᠡ ᠣᠯᠠᠨ ᠲᠦᠮᠡᠨ ᠤ ᠳᠡᠷᠭᠡᠳᠡ ᠡᠭᠦᠰᠦᠭᠰᠡᠨ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠨᠡᠶᠢᠲᠡᠯᠢᠭ ᠵᠢᠱᠢᠶ᠎ᠡ ᠪᠣᠯᠤᠨ᠎ᠠ᠃ ︽ᠬᠡᠷᠡᠭ ᠢᠶᠠᠷ ᠬᠠᠤᠯᠢ ᠶᠢ ᠲᠠᠶᠢᠯᠪᠤᠷᠢᠯᠠᠬᠤ︾ ᠬᠡᠯᠪᠡᠷᠢ ᠪᠠᠷ ᠤᠯᠠᠨ ᠲᠠᠢ ᠡᠶᠡᠳᠡᠭᠦᠯᠬᠦ ᠶᠠᠪᠤᠴᠠ ᠳᠠᠬᠢ ᠲᠤᠷᠰᠢᠯᠭ᠎ᠠ ᠠᠷᠭ᠎ᠠ ᠬᠢᠳᠡᠯ ᠢ ᠬᠤᠪᠢᠶᠠᠯᠴᠠᠵᠤ᠂ ᠰᠦᠯᠵᠢᠶᠡᠨ ᠤ ᠠᠵᠢᠯᠲᠠᠳ ᠲᠤ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠭᠤᠯᠵᠤ᠂ ᠰᠦᠯᠵᠢᠶᠡᠨ ᠤ ᠠᠵᠢᠯᠲᠠᠳ ᠤᠨ ᠲᠤᠰ ᠪᠡᠶ᠎ᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠤᠯᠠᠨ ᠲᠦᠮᠡᠨ ᠳᠤ ᠨᠡᠩ ᠰᠠᠶᠢᠨ ᠦᠢᠯᠡᠴᠢᠯᠡᠨ᠎ᠡ᠃ ᠬᠤᠷᠠᠯ ᠳᠤ ᠣᠷᠣᠯᠴᠠᠭᠰᠠᠨ ᠰᠦᠯᠵᠢᠶᠡᠨ ᠤ ᠠᠵᠢᠯᠲᠠᠳ ᠢᠯᠡᠷᠬᠡᠶᠢᠯᠡᠬᠦ ᠳᠡᠭᠡᠨ᠂ ᠬᠤᠶᠢᠰᠢᠳᠠ ᠶᠢᠨ ᠠᠵᠢᠯ ᠳᠤ ︽ᠡᠶᠡᠳᠡᠭᠦᠯᠦᠭᠴᠢ︾ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠭᠦᠢᠴᠡᠳ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠵᠢᠭᠤᠷᠠᠯᠳᠤᠭᠠᠨ ᠢ ᠵᠠᠭᠠᠯᠳᠤᠬᠤ ᠠᠴᠠ ᠡᠮᠦᠨ᠎ᠡ ᠰᠢᠢᠳᠪᠦᠷᠢᠯᠡᠵᠦ᠂ ᠵᠥᠷᠢᠴᠡᠯ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠶᠢ ᠪᠡᠶᠡᠯᠡᠭᠦᠯᠦᠨ᠎ᠡ ᠭᠡᠵᠡᠶ᠃
     ᠲᠣᠰ ᠤᠳᠠᠭᠠᠨ ᠤ ᠲᠤᠷᠰᠢᠯᠭ᠎ᠠ ᠪᠠᠨ ᠰᠣᠯᠢᠯᠴᠠᠵᠤ ᠬᠤᠪᠢᠶᠠᠯᠴᠠᠨ ᠡᠳ᠋ᠯᠡᠬᠦ ᠪᠠᠷ ᠳᠠᠮᠵᠢᠭᠤᠯᠤᠨ ᠰᠦᠯᠵᠢᠶᠡᠨ ᠤ ᠠᠵᠢᠯᠲᠠᠳ ᠤᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠤᠨ ᠰᠡᠳᠬᠢᠴᠡ ᠪᠠ ᠡᠶᠡᠳᠡᠭᠦᠯᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠤᠨ ᠭᠤᠤᠯᠳᠠᠯᠭ᠎ᠠ ᠪᠠ ᠰᠢᠢᠳᠪᠦᠷᠢᠯᠡᠬᠦ ᠠᠷᠭ᠎ᠠ ᠶᠢ ᠤᠯᠠᠮ ᠨᠢᠭᠡ ᠠᠯᠬᠤᠮ ᠡᠵᠡᠮᠰᠢᠵᠦ᠂ ᠰᠦᠯᠵᠢᠶᠡᠨ ᠤ ᠠᠵᠢᠯᠲᠠᠳ ᠤᠨ ᠬᠤᠶᠢᠰᠢᠳᠠ ᠶᠢᠨ ᠠᠵᠢᠯ ᠤᠨ ᠳᠤᠮᠳᠠ ᠣᠯᠠᠨ ᠲᠦᠮᠡᠨ ᠳᠤ ᠨᠠᠩ ᠰᠠᠶᠢᠨ ᠦᠢᠯᠡᠴᠢᠯᠡᠬᠦ᠂ ᠵᠥᠷᠢᠴᠡᠯ ᠢ ᠰᠢᠢᠳᠪᠦᠷᠢᠯᠡᠬᠦ ᠳᠤ ᠪᠠᠲᠤ ᠪᠠᠬᠢ ᠰᠠᠭᠤᠷᠢ ᠲᠠᠯᠪᠢᠵᠤ ᠥᠭᠬᠦ ᠪᠣᠯᠤᠨ᠎ᠠ᠃         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号