ᠬᠥᠬᠡᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮᠴᠢᠯᠡᠭᠡᠨ ᠤ ᠪᠠᠶᠢᠭᠤᠯᠤᠮᠵᠢ ᠶᠢᠨ ᠲᠣᠭᠲᠠᠭᠰᠠᠨ ᠬᠢᠷᠢ ᠬᠡᠮ ᠢ ᠦᠨᠡᠯᠡᠨ ᠵᠢᠱᠢᠭᠰᠡᠨ ᠦᠷ᠎ᠡ ᠳ᠋ᠦᠩ ᠤᠨ ᠲᠤᠬᠠᠢ ᠢᠦᠢ ᠴᠢᠤᠸᠠᠨ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠵᠠᠷ ︵ᠢᠦᠢ ᠴᠢᠤᠸᠠᠨ ᠲᠣᠭᠤᠷᠢᠭ ᠤᠨ 2024 ᠣᠨ ᠤ ᠭᠤᠷᠪᠠᠳᠤᠭᠠᠷ ᠪᠦᠯᠦᠭ︶
ᠨᠡᠶᠢᠲᠡᠯᠡᠭᠰᠡᠨ ᠴᠠᠭ᠄
2024/4/11
     ᠨᠢᠭᠡ᠂ ᠢᠯᠡ ᠨᠡᠶᠢᠲᠡᠯᠡᠬᠦ ᠠᠭᠤᠯᠭ᠎ᠠ      ︽ᠡᠮ ᠡᠮᠨᠡᠯᠭᠡ ᠶᠢᠨ ᠪᠠᠶᠢᠭᠤᠯᠤᠮᠵᠢ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠭᠲᠠᠭᠰᠠᠨ ᠴᠡᠭ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ︵ᠤᠯᠤᠰ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠵᠠᠷᠯᠢᠭ  2 ᠳ᠋ᠤᠭᠠᠷ ᠲᠣᠭᠠᠲᠤ︶᠂ ︽ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠴᠡᠭ ᠲᠣᠭᠲᠠᠭᠠᠨ ᠬᠠᠮᠢᠶᠠᠷᠬᠤ ᠲᠦᠷ ᠬᠡᠷᠡᠭᠵᠢᠭᠦᠯᠬᠦ ᠠᠷᠭ᠎ᠠ︾ ︵ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠵᠠᠷᠯᠢᠭ  3 ᠳ᠋ᠤᠭᠠᠷ ᠲᠣᠭᠠᠲᠤ︶ ᠪᠣᠯᠤᠨ ︽ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠥᠬᠡᠬᠤᠲᠠ ᠶᠢᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠳᠡᠯᠴᠡᠨ ᠬᠠᠮᠢᠶᠠᠷᠬᠤ ᠬᠤᠯᠪᠣᠭᠳᠠᠯ ᠪᠥᠬᠦᠶ ᠤᠴᠢᠷ ᠶᠠᠪᠤᠳᠠᠯ ᠤᠨ ᠲᠤᠬᠠᠶ ᠮᠡᠳᠡᠭᠳᠡᠯ︾ ︵ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠲᠠᠷᠬᠠᠭᠠᠭᠰᠠᠨ  ﹇2019﹈ 58 ᠳ᠋ᠤᠭᠠᠷ ᠲᠣᠭᠠᠲᠤ︶ ᠵᠢᠴᠢ ︽ᠬᠥᠬᠡᠬᠤᠲᠠ ᠶᠢᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠲᠣᠭᠲᠠᠭᠰᠠᠨ ᠬᠢᠷᠢ ᠬᠡᠮ ᠢ ᠮᠡᠳᠡᠭᠦᠯᠬᠦ ᠬᠤᠯᠪᠣᠭᠳᠠᠯ ᠪᠥᠬᠦᠶ ᠤᠴᠢᠷ ᠶᠠᠪᠤᠳᠠᠯ ᠤᠨ ᠲᠤᠬᠠᠶ ᠮᠡᠳᠡᠭᠳᠡᠯ︾ ︵ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠲᠠᠷᠬᠠᠭᠠᠭᠰᠠᠨ  ﹇2021﹈ 28 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠬᠤᠯᠪᠣᠭᠳᠠᠯ ᠪᠥᠬᠦᠶ ᠵᠣᠷᠢᠭ ᠰᠠᠨᠠᠭ᠎ᠠ ᠶᠢ ᠦᠨᠳᠦᠰᠦᠯᠡᠨ᠂ ᠢᠦᠶ ᠴᠢᠤᠸᠠᠨ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠴᠡᠭ ᠲᠣᠭᠲᠠᠭᠠᠭᠰᠠᠨ ᠬᠢᠷᠢ ᠬᠡᠮ ᠢ ᠭᠤᠶᠤᠴᠢᠯᠠᠬᠤ ᠮᠡᠳᠡᠭᠦᠯᠦᠯᠲᠡ ᠶᠢᠨ ᠮᠠᠲ᠋ᠧᠷᠢᠶᠠᠯ ᠢ ᠨᠡᠶᠢᠲᠡ 17 ᠬᠤᠪᠢ ᠬᠤᠷᠢᠶᠠᠨ ᠣᠯᠵᠠᠶ᠃ 2024 ᠣᠨ ᠤ 4 ᠳ᠋ᠤᠭᠡᠷ ᠰᠠᠷ᠎ᠠ ᠶᠢᠨ 7 ᠤ ᠡᠳᠦᠷ᠂ ᠢᠦᠶ ᠴᠢᠤᠸᠠᠨ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠲᠥᠪ ᠤᠨ ᠡᠷᠬᠢᠯᠡᠭᠴᠢ ᠪᠦᠯᠬᠦᠮ ᠳᠠᠭᠠᠭᠤᠯᠬᠤ ᠵᠢᠴᠢ ᠬᠤᠯᠪᠣᠭᠳᠠᠯ ᠪᠥᠬᠦᠶ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠵᠤ ᠴᠠᠭ ᠲᠤᠬᠠᠶ ᠳᠤᠨᠢ ᠬᠠᠶᠢᠨ ᠰᠢᠯᠭᠠᠵᠤ ᠦᠨᠡᠯᠡᠨ ᠵᠢᠱᠢᠪᠡ᠂ 2024 ᠣᠨ ᠤ 4 ᠳ᠋ᠤᠭᠡᠷ ᠰᠠᠷ᠎ᠠ ᠶᠢᠨ 7 ᠤ ᠡᠳᠦᠷ ᠢᠦᠶ ᠴᠢᠤᠸᠠᠨ ᠲᠣᠭᠤᠷᠢᠭ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠲᠣᠭᠲᠠᠭᠰᠠᠨ ᠬᠢᠷᠢ ᠬᠡᠮ ᠢ ᠭᠤᠶᠤᠴᠢᠯᠠᠨ ᠮᠡᠳᠡᠭᠦᠯᠵᠦ ᠦᠨᠡᠯᠡᠨ ᠵᠢᠱᠢᠬᠦ ᠠᠵᠢᠯ ᠤᠨ ᠳᠤᠭᠤᠶᠢᠯᠠᠩ ᠠᠴᠠ ᠦᠨᠡᠯᠡᠨ ᠵᠢᠱᠢᠵᠦ ᠬᠢᠨᠠᠨ ᠶᠠᠷᠢᠯᠴᠠᠭᠠᠳ᠂ 17 ᠡᠮ ᠡᠮᠨᠡᠯᠭᠡ ᠶᠢᠨ ᠪᠠᠶᠢᠭᠤᠯᠤᠮᠵᠢ ᠨᠢ ᠮᠠᠨ ᠤ ᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠠᠵᠢᠯᠲᠠᠨ ᠠᠵᠢᠯᠴᠢᠨ ᠤ ᠬᠤᠪᠢ ᠬᠥᠮᠦᠨ ᠤ ᠲᠠᠩᠰᠠᠨ ᠡᠷᠦᠬᠡ ᠶᠢᠨ ᠺᠠᠷᠲ ᠰᠢᠷᠪᠢᠬᠦ ᠪᠠᠷᠢᠮᠵᠢᠶ᠎ᠠ ᠳᠤ ᠨᠡᠶᠢᠴᠡᠭᠰᠡᠨ ᠪᠠᠶᠢᠨ᠎ᠠ᠃      ᠬᠤᠶᠠᠷ᠂ ᠢᠯᠡ ᠨᠡᠶᠢᠲᠡᠯᠡᠬᠦ ᠴᠠᠭ      2024 ᠣᠨ ᠤ 4 ᠳ᠋ᠤᠭᠡᠷ ᠰᠠᠷ᠎ᠠ ᠶᠢᠨ 7 ᠤ ᠡᠳᠦᠷ ᠠᠴᠠ 2024 ᠣᠨ ᠤ 4 ᠳ᠋ᠤᠭᠡᠷ ᠰᠠᠷ᠎ᠠ ᠶᠢᠨ 14 ᠤ ᠡᠳᠦᠷ       ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ      ᠨᠢᠭᠡᠴᠢ ᠪᠣᠯᠤᠨ ᠬᠤᠪᠢ ᠬᠥᠮᠦᠨ ᠰᠤᠷᠪᠤᠯᠵᠢᠯᠠᠬᠤ ᠪᠠᠷ ᠢᠷᠡᠬᠦ᠂ ᠵᠠᠬᠢᠳᠠᠯ ᠢᠷᠡᠭᠦᠯᠬᠦ᠂ ᠤᠲᠠᠰᠤᠳᠠᠬᠤ ᠵᠡᠷᠭᠡ ᠬᠡᠯᠪᠡᠷᠢ ᠪᠠᠷ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠥᠬᠦᠶ ᠪᠠᠶᠢᠳᠠᠯ ᠤᠨ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠳᠤ ᠪᠠᠶᠢᠴᠠᠭᠠᠯᠲᠠ ᠶᠢᠨ ᠭᠡᠷᠡᠴᠢ ᠵᠢᠴᠢ ᠪᠤᠰᠤᠳ ᠬᠠᠮᠢᠶ᠎ᠠ ᠪᠦᠬᠦᠢ ᠰᠦᠪᠡᠭᠴᠢ ᠶᠢ ᠬᠠᠩᠭᠠᠬᠤ ᠪᠣᠯᠪᠠᠤ᠃ ᠪᠢᠳᠡ ᠠᠰᠠᠭᠤᠳᠠᠯ ᠲᠤᠰᠬᠠᠭᠰᠠᠳ ᠤᠨ ᠨᠢᠭᠤᠴᠠ ᠶᠢ ᠴᠢᠩᠭ᠎ᠠ ᠬᠠᠮᠠᠭᠠᠯᠠᠨ᠎ᠠ᠃      ᠬᠦᠯᠢᠶᠡᠨ ᠠᠪᠬᠤ ᠤᠲᠠᠰᠤ᠄ 0471 — 3986128      ᠣᠨᠴᠠᠭᠠᠶᠢᠯᠠᠨ ᠵᠠᠷᠯᠠᠪᠠ                   2024 ᠣᠨ ᠤ 4 ᠳ᠋ᠤᠭᠡᠷ ᠰᠠᠷ᠎ᠠ ᠶᠢᠨ 7 ᠤ ᠡᠳᠦᠷ          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号