2023 ᠣᠨ ᠤ ᠢᠦᠶ ᠴᠢᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠦᠯᠦᠭᠯᠡᠯ ᠤᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠤᠷᠭᠠᠨ ᠬᠥᠮᠦᠵᠢᠯ ᠳᠤ ᠬᠦᠷᠭᠡᠬᠦ ᠠᠵᠢᠯᠯᠠᠭ᠎ᠠ ᠶᠢᠨ ᠨᠢᠭᠡᠳᠦᠭᠡᠷ ᠪᠦᠯᠦᠭ ᠤᠨ ᠬᠥᠬᠢᠭᠦᠯᠦᠨ ᠰᠠᠶᠢᠰᠢᠶᠠᠬᠤ ᠵᠠᠷᠯᠠᠯ
ᠨᠡᠶᠢᠲᠡᠯᠡᠭᠰᠡᠨ ᠴᠠᠭ᠄
2024/4/11
ᠡᠯ᠎ᠡ ᠬᠠᠮᠢᠶ᠎ᠠ ᠪᠥᠬᠦᠶ ᠰᠤᠷᠭᠠᠭᠤᠯᠢ ᠳᠤ᠄      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠴᠢᠨᠠᠭᠰᠢᠳᠠ ᠰᠠᠶᠢᠲᠤᠷ ᠬᠢᠵᠦ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠶᠢ ᠥᠷᠭᠡᠳᠬᠡᠨ᠂ ᠬᠥᠳᠡᠭᠡ ᠲᠣᠰᠬᠤᠨ ᠤ ᠪᠠᠭᠤᠷᠠᠶ ᠰᠤᠷᠭᠠᠭᠤᠯᠢ ᠶᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠦᠷᠭᠡᠨ ᠳᠡᠭᠡᠭᠰᠢᠯᠡᠭᠦᠯᠦᠨ᠂ ᠣᠷᠣᠨ ᠪᠦᠰᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠲᠡᠩᠴᠡᠭᠦᠷᠢᠲᠡᠶ ᠬᠥᠭᠵᠢᠬᠦ ᠶᠢ ᠠᠬᠢᠭᠤᠯᠬᠤ ᠶᠢᠨ ᠬᠠᠮᠲᠤ᠂ ᠬᠤᠲᠠ ᠶᠢᠨ ᠲᠣᠭᠤᠷᠢᠭ ᠤᠨ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠦᠯᠦᠭᠡ᠂ ᠮᠠᠨ ᠤ  ᠲᠤᠭᠤᠷᠢᠭ ᠤᠨ ᠰᠤᠷᠭᠠᠨ ᠬᠥᠮᠦᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠦᠯᠦᠭᠯᠡᠯᠵᠢᠭᠰᠡᠨ ᠰᠤᠷᠭᠠᠭᠤᠯᠢ ᠡᠷᠭᠢᠯᠡᠬᠦ ᠲᠥᠰᠦᠯ ᠢ ᠨᠡᠶᠢᠲᠡᠯᠡᠪᠡ᠃ ᠲᠥᠰᠦᠯ ᠤᠨ ᠠᠭᠤᠯᠭ᠎ᠠ ᠶᠢᠨ ᠱᠠᠭᠠᠷᠳᠠᠯᠭ᠎ᠠ ᠶᠣᠰᠣᠭᠠᠷ ᠪᠦᠯᠦᠭᠯᠡᠯᠵᠢᠭᠰᠡᠨ ᠰᠤᠷᠭᠠᠭᠤᠯᠢ ᠨᠤᠭᠤᠳ ᠰᠤᠷᠭᠠᠭᠤᠯᠢ ᠡᠷᠭᠢᠯᠡᠬᠦ ᠣᠶᠢᠯᠠᠭᠠᠭᠳᠠᠬᠤᠨ᠂ ᠰᠤᠷᠭᠠᠭᠤᠯᠢ ᠶᠢᠨ ᠬᠠᠮᠢᠶᠠᠷᠤᠯᠲᠠ᠂ ᠪᠠᠭᠰᠢ ᠶᠢᠨ ᠡᠩᠨᠡᠭᠡ᠂ ᠤᠨᠴᠠᠯᠢᠬᠳᠤ ᠬᠥᠭᠵᠢᠯᠲᠡ᠂ ᠵᠢᠭᠠᠨ ᠰᠤᠷᠭᠠᠯᠲᠠ ᠶᠢᠨ ᠶᠠᠰᠤ ᠴᠢᠨᠠᠷ ᠵᠡᠷᠭᠡ ᠲᠠᠯ᠎ᠠ ᠪᠠᠷ ᠬᠠᠷᠢᠯᠴᠠᠨ ᠬᠠᠪᠰᠤᠷᠤᠯᠴᠠᠵᠤ ᠬᠠᠮᠲᠤᠪᠠᠷ ᠪᠠᠶᠢᠭᠤᠯᠵᠤ᠂ ᠪᠠᠭᠰᠢ ᠶᠢ ᠠᠵᠢᠯ ᠤᠨ ᠪᠠᠶᠢᠷᠢ ᠲᠠᠢ ᠨᠢ ᠰᠣᠯᠢᠯᠴᠠᠬᠤ᠂ ᠬᠠᠮᠲᠤᠷᠠᠨ ᠵᠢᠭᠠᠨ ᠰᠤᠳᠤᠯᠬᠤ᠂ ᠪᠠᠭᠰᠢ ᠰᠤᠷᠤᠭᠴᠢᠳ ᠤᠨ ᠰᠣᠯᠢᠯᠴᠠᠨ ᠬᠦᠲᠦᠯᠦᠯᠴᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠯᠠᠬᠤ ᠣᠷᠣᠨ ᠤ ᠰᠤᠷᠭᠠᠭᠤᠯᠢ ᠶᠢᠨ ᠪᠥᠬᠦ ᠲᠠᠯ᠎ᠠ ᠪᠠᠷ ᠳᠡᠭᠡᠭᠰᠢᠯᠡᠬᠦ ᠶᠢ ᠲᠦᠷᠭᠡᠨ ᠳᠠᠶᠢᠴᠢᠯᠠᠬᠤ ᠬᠡᠷᠡᠭᠲᠡᠶ᠃      2023 ᠣᠨ ᠤ 5 ᠳ᠋ᠤᠭᠠᠷ ᠰᠠᠷ᠎ᠠ ᠳᠤ ᠱᠢ ᠳ᠋ᠦᠩ ᠵᠠᠮ ᠤᠨ ᠪᠠᠭ᠎ᠠ ᠰᠤᠷᠭᠠᠭᠤᠯᠢ ᠬᠢᠭᠡᠳ ᠨᠢᠤ ᠴᠠᠩ ᠰᠤᠷᠭᠠᠭᠤᠯᠢ᠂ ᠲᠠᠪᠤᠨ ᠰᠤᠪᠤᠷᠭᠠᠲᠤ ᠰᠦᠮ᠎ᠡ ᠶᠢᠨ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠬᠢᠭᠡᠳ ᠵᠡᠭᠦᠨ ᠡᠯ ᠳ᠋ᠤᠤ ᠾᠧ ᠰᠤᠷᠭᠠᠭᠤᠯᠢ᠂ ᠯᠢᠶᠠᠩ ᠱᠠᠨ ᠵᠡᠭᠡᠯᠢ ᠶᠢᠨ ᠪᠠᠭ᠎ᠠ ᠰᠤᠷᠭᠠᠭᠤᠯᠢ ᠬᠢᠭᠡᠳ ᠳᠠᠯᠠᠢ ᠯᠠᠮᠠ ᠠᠶᠢᠯ ᠰᠤᠷᠭᠠᠭᠤᠯᠢ᠂ ᠲᠦᠩ ᠱᠦᠨ ᠵᠡᠭᠡᠯᠢ ᠶᠢᠨ ᠪᠠᠭ᠎ᠠ ᠰᠤᠷᠭᠠᠭᠤᠯᠢ ᠬᠢᠭᠡᠳ ᠰᠢ ᠱᠦᠢ ᠮᠦᠸᠧ ᠪᠠᠭ᠎ᠠ ᠰᠤᠷᠭᠠᠭᠤᠯᠢ ᠳᠤ ᠪᠦᠯᠦᠭᠯᠡᠯᠵᠢᠭᠰᠡᠨ ᠰᠤᠷᠭᠠᠭᠤᠯᠢ ᠡᠷᠬᠢᠯᠡᠵᠦ᠂ ᠫᠠᠶᠢᠰᠠ ᠰᠡᠬᠦᠬᠦ ᠶᠣᠰᠣᠯᠠᠯ ᠶᠠᠪᠤᠭᠤᠯᠵᠠᠢ᠃ 2023 ᠣᠨ ᠤ 5 ᠳ᠋ᠤᠭᠠᠷ ᠰᠠᠷ᠎ᠠ ᠠᠴᠠ 12 ᠳ᠋ᠤᠭᠠᠷ ᠰᠠᠷ᠎ᠠ ᠪᠣᠯᠲᠠᠯ᠎ᠠ᠂ ᠡᠯ᠎ᠡ ᠪᠦᠯᠦᠭᠯᠡᠯᠵᠢᠭᠰᠡᠨ ᠰᠤᠷᠭᠠᠭᠤᠯᠢ ᠨᠤᠭᠤᠳ ᠢᠳᠡᠪᠬᠢᠲᠡᠢ ᠪᠠᠷ ᠬᠠᠷᠢᠯᠴᠠᠵᠤ᠂ ᠨᠠᠷᠢᠨ ᠨᠢᠮᠪᠠᠢ ᠳᠤᠬᠢᠷᠠᠭᠤᠯᠵᠤ᠂ ᠬᠠᠪᠰᠤᠷᠤᠨ ᠲᠡᠳᠬᠦᠵᠦ ᠰᠣᠯᠢᠯᠴᠠᠬᠤ ᠠᠵᠢᠯᠯᠠᠭ᠎ᠠ ᠥᠷᠨᠢᠭᠦᠯᠵᠡᠢ᠃ ᠵᠢᠱᠢᠶᠡᠯᠡᠪᠡᠯ ᠱᠢ ᠳ᠋ᠦᠩ ᠵᠠᠮ ᠤᠨ ᠪᠠᠭ᠎ᠠ ᠰᠤᠷᠭᠠᠭᠤᠯᠢ ᠨᠢᠦ ᠴᠠᠩ ᠰᠤᠷᠭᠠᠭᠤᠯᠢ ᠲᠠᠢ ᠬᠠᠮᠲᠤᠷᠠᠨ ᠵᠢᠭᠠᠨ ᠰᠤᠳᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠲᠦᠩ ᠱᠦᠨ ᠵᠡᠭᠡᠯᠢ ᠶᠢᠨ ᠪᠠᠭ᠎ᠠ ᠰᠤᠷᠭᠠᠭᠤᠯᠢ ᠨᠡᠷᠡᠲᠦ ᠰᠢᠯᠢᠳᠡᠭ ᠪᠠᠭᠰᠢ ᠶᠢ ᠵᠣᠬᠢᠶᠠᠨ ᠪᠠᠶᠢᠭᠤᠯᠵᠤ ᠰᠢ ᠱᠦᠢ ᠮᠦᠸᠧ ᠪᠠᠭ᠎ᠠ ᠰᠤᠷᠭᠠᠭᠤᠯᠢ ᠳᠤ ᠰᠤᠷᠭᠠᠨ ᠬᠥᠮᠦᠵᠢᠯ ᠢ ᠬᠦᠷᠭᠡᠬᠦ ᠠᠵᠢᠯᠯᠠᠭ᠎ᠠ ᠶᠢ ᠦᠷᠨᠢᠭᠦᠯᠵᠦ᠂ ᠪᠤᠰᠤᠳ ᠪᠦᠯᠦᠭᠯᠡᠯᠵᠢᠭᠰᠡᠨ ᠰᠤᠷᠭᠠᠭᠤᠯᠢ ᠨᠤᠭᠤᠳ ᠴᠤ ᠬᠠᠪᠰᠤᠷᠤᠨ ᠲᠡᠳᠬᠦᠵᠦ ᠰᠣᠯᠢᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ ᠬᠤᠳᠠ ᠶᠢᠨ ᠲᠣᠭᠤᠷᠢᠭ ᠤᠨ ᠰᠤᠷᠭᠠᠭᠤᠯᠢ ᠪᠣᠯᠤᠨ ᠬᠥᠳᠡᠭᠡ ᠲᠣᠰᠬᠤᠨ ᠤ ᠰᠤᠷᠭᠠᠭᠤᠯᠢ ᠶᠢᠨ ᠦᠢᠯᠡᠳᠦᠯᠴᠡᠨ ᠰᠣᠯᠢᠯᠴᠠᠬᠤ ᠪᠠᠷ ᠳᠠᠮᠵᠢᠭᠤᠯᠤᠨ᠂ ᠪᠠᠭᠰᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠬᠦ ᠶᠢ ᠠᠬᠢᠭᠤᠯᠵᠤ᠂ ᠰᠤᠷᠭᠠᠭᠤᠯᠢ ᠶᠢᠨ ᠳᠤᠮᠳᠠ ᠳᠠᠪᠬᠤᠷᠭ᠎ᠠ ᠶᠢᠨ ᠺᠠᠳ᠋ᠷ ᠪᠣᠯᠤᠨ ᠪᠠᠭᠰᠢ ᠶᠢ ᠦᠳᠲᠡᠷ ᠲᠦᠷᠭᠡᠨ ᠦᠰᠦᠨ ᠪᠤᠶᠢᠵᠢᠭᠤᠯᠪᠠ᠃      ᠰᠤᠷᠭᠠᠭᠤᠯᠢ ᠶᠢᠨ ᠪᠠᠭᠰᠢ ᠶᠢᠨ ᠠᠵᠢᠯ ᠤᠨ ᠤᠷᠮ᠎ᠠ ᠵᠣᠷᠢᠭ ᠢ ᠬᠥᠭᠵᠢᠭᠡᠵᠦ᠂ ᠪᠦᠯᠦᠭᠯᠡᠯᠵᠢᠭᠰᠡᠨ ᠰᠤᠷᠭᠠᠭᠤᠯᠢ ᠡᠷᠭᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠰᠤᠷᠭᠠᠨ ᠬᠥᠮᠦᠵᠢᠯ ᠤᠨ ᠲᠣᠪᠴᠢᠶ᠎ᠠ ᠠᠴᠠ ᠪᠦᠯᠦᠭᠯᠡᠯᠵᠢᠭᠰᠡᠨ ᠰᠤᠷᠭᠠᠭᠤᠯᠢ ᠡᠷᠭᠢᠯᠡᠬᠦ ᠲᠥᠰᠦᠯ ᠢ ᠦᠨᠳᠦᠰᠦᠯᠡᠨ ᠬᠢᠨᠠᠨ ᠰᠢᠯᠭᠠᠬᠤ ᠨᠠᠷᠢᠨ ᠲᠦᠷᠢᠮ ᠢ ᠲᠣᠭᠲᠠᠭᠠᠵᠠᠶ᠃ ᠡᠳᠦᠭᠡ ᠪᠦᠯᠦᠭᠯᠡᠯᠵᠢᠭᠰᠡᠨ ᠰᠤᠷᠭᠠᠭᠤᠯᠢ ᠡᠷᠭᠢᠯᠡᠬᠦ ᠠᠵᠢᠯ ᠤᠨ ᠳᠤᠮᠳᠠ ᠰᠤᠷᠤᠯᠭ᠎ᠠ ᠶᠢᠨ ᠬᠤᠭᠤᠴᠠᠭ᠎ᠠ ᠪᠦᠷᠢ 2 ᠤᠳᠠᠭ᠎ᠠ ᠠᠵᠢᠯᠯᠠᠭ᠎ᠠ ︵ᠰᠤᠷᠭᠠᠨ ᠬᠥᠮᠦᠵᠢᠯ ᠳᠤ ᠬᠦᠷᠭᠡᠬᠦ ᠪᠤᠶᠤ ᠵᠢᠭᠠᠨ ᠰᠤᠳᠤᠯᠬᠤ ᠠᠵᠢᠯᠯᠠᠭ᠎ᠠ ᠶᠢᠨ ᠭᠤᠤᠯ ᠴᠣᠭᠴᠠ ᠶᠢᠨ ᠥᠭᠦᠯᠡᠭᠴᠢ︶ ᠳᠤ ᠣᠷᠣᠯᠴᠠᠵᠤ᠂ ᠬᠠᠪᠰᠤᠷᠤᠨ ᠲᠡᠳᠬᠦᠬᠦ ᠦᠷ᠎ᠡ ᠪᠦᠲᠦᠮᠵᠢ ᠪᠠᠷ ᠰᠠᠶᠢᠨ᠂ ᠬᠠᠪᠰᠤᠷᠤᠨ ᠲᠡᠳᠬᠦᠬᠦ ᠰᠤᠷᠭᠠᠭᠤᠯᠢ ᠶᠢᠨ ᠵᠥᠪᠰᠢᠶᠡᠷᠡᠯ ᠢ ᠣᠯᠵᠤ᠂ ᠢᠯᠡᠳᠲᠡ ᠦᠷ᠎ᠡ ᠪᠦᠲᠦᠮᠵᠢ ᠣᠯᠤᠭᠰᠠᠨ ᠰᠢᠯᠢᠳᠡᠭ ᠪᠠᠭᠰᠢ ᠶᠢ ᠬᠥᠬᠢᠭᠦᠯᠦᠨ ᠵᠣᠷᠢᠭᠵᠢᠭᠤᠯᠵᠤ ᠪᠠᠶᠢᠨ᠎ᠠ᠃      ᠨᠢᠭᠡᠳᠦᠭᠡᠷ ᠪᠦᠯᠦᠭ ᠤᠨ ᠰᠤᠷᠭᠠᠨ ᠬᠥᠮᠦᠵᠢᠯ ᠳᠤ ᠬᠦᠷᠭᠡᠬᠦ ᠠᠵᠢᠯᠯᠠᠭ᠎ᠠ ᠶᠢᠨ ᠬᠥᠬᠢᠭᠦᠯᠦᠨ ᠰᠠᠶᠢᠰᠢᠶᠠᠬᠤ ᠨᠡᠷᠡᠰ ᠨᠢ ᠳᠣᠤᠷᠠᠬᠢ ᠮᠡᠲᠦ᠄      ᠱᠢ ᠳ᠋ᠦᠩ ᠵᠠᠮ ᠤᠨ ᠪᠠᠭ᠎ᠠ ᠰᠤᠷᠭᠠᠭᠤᠯᠢ ︵4 ᠬᠥᠮᠦᠨ︶      ᠳ᠋ᠢ ᠷᠦᠢ ᠹᠠᠩ᠂ ᠼᠦᠢ ᠡᠯ ᠧ᠂ ᠯᠢ ᠮᠧᠶ ᠬᠤᠩ᠂ ᠴᠢ ᠵᠢᠶᠦ᠋ᠨ ᡁᠢ      ᠲᠦᠩ ᠱᠦᠨ ᠵᠡᠭᠡᠯᠢ ᠶᠢᠨ ᠪᠠᠭ᠎ᠠ ᠰᠤᠷᠭᠠᠭᠤᠯᠢ ︵6 ᠬᠥᠮᠦᠨ︶      ᠯᠦ ᠬᠤᠩ ᠿᠢ᠂ ᠯᠢ ᠪᠢᠩ᠂ ᠯᠢᠶᠠᠩ ᠰᠢᠤ ᠶᠦᠨ᠂ ᠡᠦ ᠰᠢᠶᠤᠤ ᠯᠢ᠂ ᠯᠢ ᠢ ᠵᠢᠶᠧ᠂ ᠸᠠᠩ ᠵᠢᠶᠦ᠋ᠨ ᠯᠢᠶᠠᠨ                      2024 ᠣᠨ ᠤ 4 ᠳ᠋ᠤᠭᠡᠷ ᠰᠠᠷ᠎ᠠ ᠶᠢᠨ 8 ᠤ ᠡᠳᠦᠷ         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ        
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号