4 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠰᠦᠯᠵᠢᠶᠡᠨ ᠳᠡᠭᠡᠷ᠎ᠡ ︽ᠶᠠᠯ᠎ᠠ ᠬᠢᠭᠰᠡᠨ ᠥᠬᠡᠶ ᠲᠡᠮᠳᠡᠭᠯᠡᠯ ᠤᠨ ᠭᠡᠷᠡᠴᠢ︾ ᠶᠢ ᠭᠦᠢᠴᠡᠳᠭᠡᠬᠦ ᠪᠠᠷ ᠪᠣᠯᠪᠠ᠃ | ᠲᠣᠰ ᠠᠷᠭ᠎ᠠ ᠬᠡᠮᠵᠢᠶ᠎ᠡ ᠪᠣᠯ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠰᠢᠨ᠎ᠡ ᠪᠠᠷ | ᠪᠠᠶᠢᠭᠤᠯᠤᠭᠰᠠᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠵᠢᠴᠢ ᠭᠠᠷ | ᠤᠲᠠᠰᠤᠨ ᠤ ᠬᠡᠷᠡᠭᠯᠡᠭᠡᠨ ᠤ ︽ᠬᠥᠬᠡᠬᠤᠲᠠ ᠶᠢᠨ ᠴᠠᠭᠳᠠᠭᠠᠨ ᠤ ᠶᠠᠪᠤᠳᠠᠯ ᠤᠨ ᠨᠡᠪᠲᠡᠷᠬᠡᠢ︾ APP ᠳᠤ | ᠲᠦᠰᠢᠭᠯᠡᠨ ᠭᠠᠷᠭᠠᠭᠰᠠᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠪᠠᠰᠠ | ᠨᠢᠭᠡ ᠵᠦᠢᠯ ᠤᠨ ᠤᠨᠴᠠᠯᠢᠭᠳᠤ ᠦᠢᠯᠡᠴᠢᠯᠡᠭᠡ ᠪᠣᠯᠤᠨ᠎ᠠ᠃ | ᠡᠭᠦᠨ ᠠᠴᠠ ᠡᠮᠦᠨ᠎ᠡ᠂ ᠠᠷᠠᠳ ᠢᠷᠭᠡᠨ ︽ᠶᠠᠯ᠎ᠠ ᠬᠢᠭᠰᠡᠨ ᠦᠭᠡᠢ ᠲᠡᠮᠳᠡᠭᠯᠡᠯ ᠤᠨ ᠭᠡᠷᠡᠴᠢ︾ ᠭᠠᠷᠭᠠᠵᠤ | ᠥᠭᠬᠦ ᠳᠡᠭᠡᠨ ᠨᠢᠭᠡᠴᠢ ᠶᠢᠨ ᠠᠯᠪᠠᠨ ᠪᠢᠴᠢᠭ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢᠶᠠᠨ ᠠᠪᠴᠤ ᠡᠷᠦᠬᠡ ᠠᠮᠠ ᠶᠢᠨ | ᠲᠠᠩᠰᠠ ᠪᠠᠶᠢᠭ᠎ᠠ ᠭᠠᠵᠠᠷ ᠤᠨ ᠲᠣᠮᠢᠯᠠᠭᠰᠠᠨ ᠰᠠᠯᠪᠤᠷᠢ ᠳᠤ ᠣᠴᠢᠵᠤ ᠭᠤᠶᠤᠴᠢᠯᠠᠨ ᠭᠦᠢᠴᠡᠳᠭᠡᠬᠦ ᠬᠡᠷᠡᠭᠲᠡᠶ | ᠪᠠᠶᠢᠭᠰᠠᠨ ᠪᠣᠯᠬᠤᠷ ᠶᠠᠪᠤᠴᠠ ᠨᠢ ᠨᠡᠯᠢᠶᠡᠳ ᠪᠤᠳᠤᠯᠢᠶᠠᠨᠲᠠᠶ ᠪᠠᠶᠢᠪᠠ᠃ ᠡᠨᠡ ᠤᠳᠠᠭ᠎ᠠ ᠶᠢᠨ ᠰᠦᠯᠵᠢᠶᠡᠨ ᠳᠡᠭᠡᠷᠡᠬᠢ | ᠲᠤᠬᠠᠶᠢᠯᠠᠭᠰᠠᠨ ᠠᠵᠢᠯ ᠢ ᠡᠬᠢᠯᠡᠭᠦᠯᠦᠭᠰᠡᠨ ᠶᠠᠪᠤᠳᠠᠯ ᠨᠢ ᠨᠢᠭᠡ ᠲᠠᠯ᠎ᠠ ᠪᠠᠷ ᠣᠯᠠᠨ ᠲᠦᠮᠡᠨ ᠤ ᠰᠦᠯᠵᠢᠶᠡᠨ ᠳᠡᠭᠡᠷ᠎ᠡ | ᠤᠴᠢᠷ ᠶᠠᠪᠤᠳᠠᠯ ᠭᠦᠢᠴᠡᠳᠭᠡᠬᠦ ᠳᠤ ᠳᠥᠭᠦᠮ ᠦᠵᠡᠭᠦᠯᠵᠦ᠂ ᠴᠠᠭ ᠪᠠ ᠬᠦᠴᠦ ᠠᠷᠪᠢᠯᠠᠨ ᠰᠠᠨᠠᠭ᠎ᠠ ᠠᠮᠤᠷ ᠪᠣᠯᠤᠨ᠎ᠠ᠃ | ᠨᠥᠭᠦᠭᠡ ᠲᠠᠯ᠎ᠠ ᠪᠠᠷ ᠪᠠᠰᠠ ᠠᠵᠤ ᠠᠬᠤᠶᠢᠯᠠᠯ ᠤᠨ ᠬᠢᠨᠠᠨ ᠬᠠᠷᠭᠤᠭᠤᠯᠵᠤ ᠰᠢᠯᠭᠠᠨ ᠪᠠᠲᠤᠯᠠᠬᠤ ᠳᠤ ᠲᠥᠬᠦᠮ | ᠪᠣᠯᠭᠠᠵᠤ᠂ ᠥᠨᠳᠥᠷ ᠪᠦᠲᠦᠮᠵᠢᠲᠡᠶ ᠲᠦᠷᠭᠡᠨ ᠪᠥᠭᠡᠳ ᠰᠠᠨᠠᠭ᠎ᠠ ᠠᠮᠤᠷ ᠪᠠᠶᠢᠳᠠᠭ᠃ ᠬᠢᠨᠠᠨ ᠵᠥᠪᠰᠢᠶᠡᠷᠡᠬᠦ ᠴᠠᠭ ᠤᠨ | ᠬᠢᠵᠠᠭᠠᠷ ᠢ ᠭᠤᠶᠤᠴᠢᠯᠠᠯ ᠢᠶᠠᠨ ᠲᠤᠰᠢᠶᠠᠭᠰᠠᠨ ᠡᠳᠦᠷ ᠠᠴᠠ ᠡᠬᠢᠯᠡᠨ 3 ᠠᠵᠢᠯᠯᠠᠬᠤ ᠡᠳᠦᠷ ᠤᠨ ᠳᠣᠲᠣᠷ᠎ᠠ | ᠭᠦᠢᠴᠡᠳᠭᠡᠵᠦ ᠳᠠᠭᠤᠰᠬᠠᠨ᠎ᠠ︔ ᠰᠦᠯᠵᠢᠶᠡᠨ ᠳᠡᠭᠡᠷ᠎ᠡ ᠬᠢᠵᠦ ᠦᠭᠭᠦᠭᠰᠡᠨ ︽ᠶᠠᠯ᠎ᠠ ᠬᠢᠭᠰᠡᠨ ᠥᠬᠡᠶ ᠲᠡᠮᠳᠡᠭᠯᠡᠯ ᠤᠨ | ᠭᠡᠷᠡᠴᠢ︾ ᠨᠢ ᠬᠢᠵᠦ ᠥᠭᠭᠦᠭᠰᠡᠨ ᠡᠳᠦᠷ ᠠᠴᠠ ᠡᠬᠢᠯᠡᠨ 3 ᠰᠠᠷ᠎ᠠ ᠶᠢᠨ ᠳᠣᠲᠣᠷ᠎ᠠ ᠬᠦᠴᠦᠨ ᠲᠠᠢ᠃ | ᠭᠦᠢᠴᠡᠳᠭᠡᠬᠦ ᠠᠷᠭ᠎ᠠ ᠵᠠᠮ᠄ ᠭᠠᠷ ᠤᠲᠠᠰᠤ ᠪᠠᠷ ᠬᠤᠶᠠᠷ ᠬᠡᠮᠵᠢᠯᠳᠦ ᠺᠣᠳ᠋ ᠢ ᠰᠢᠷᠪᠢᠨ ︽ᠬᠥᠬᠡᠬᠤᠲᠠ ᠶᠢᠨ | ᠴᠠᠭᠳᠠᠭᠠᠨ ᠤ ᠶᠠᠪᠤᠳᠠᠯ ᠤᠨ ᠨᠡᠪᠲᠡᠷᠬᠡᠶ︾ APP ᠶᠢ ᠪᠠᠭᠤᠯᠭᠠᠵᠤ ᠤᠭᠰᠠᠷᠠᠬᠤ᠂ ᠡᠰᠡᠬᠦᠯ᠎ᠡ ︽ᠬᠥᠬᠡᠬᠤᠲᠠ ᠶᠢᠨ | ᠴᠠᠭᠳᠠᠭᠠᠨ ᠤ ᠶᠠᠪᠤᠳᠠᠯ ᠤᠨ ᠨᠡᠪᠲᠡᠷᠬᠡᠶ︾ ᠸᠢᠴᠠᠲ ᠤᠨ ᠨᠡᠶᠢᠲᠡ ᠶᠢᠨ ᠳ᠋ᠤᠭᠠᠷ ᠢ ᠠᠩᠬᠠᠷᠬᠤ᠂ ᠡᠰᠡᠬᠦᠯ᠎ᠡ ︽ | ᠬᠥᠬᠡᠬᠤᠲᠠ ᠶᠢᠨ ᠴᠠᠭᠳᠠᠭᠠᠨ ᠤ ᠶᠠᠪᠤᠳᠠᠯ ᠤᠨ ᠨᠡᠪᠲᠡᠷᠬᠡᠶ︾ ᠲᠣᠭᠠᠴᠠᠭ᠎ᠠ ᠡᠷᠳᠡᠨᠢ ᠶᠢᠨ ᠵᠢᠵᠢᠭ ᠫᠷᠤᠭ᠍ᠷᠠᠮ ᠵᠡᠷᠭᠡ ᠶᠢ | ᠡᠷᠢᠵᠦ᠂ ︽ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ | ᠬᠠᠭᠤᠳᠠᠰᠤᠨ ᠳᠤ ᠣᠷᠣᠵᠤ᠂ ︽ᠪᠢ ᠠᠵᠢᠯ ᠶᠠᠪᠤᠳᠠᠯ ᠭᠦᠢᠴᠡᠳᠭᠡᠬᠦ︾ ᠭᠡᠳᠡᠭ ᠢ ᠲᠣᠪᠴᠢᠳᠠᠪᠠᠯ᠂ ᠪᠡᠶ᠎ᠡ ᠬᠡᠮ ᠤᠨ | ᠭᠡᠷᠡᠴᠢᠯᠡᠯᠲᠡ ᠶᠢ ᠪᠡᠶᠡᠯᠡᠭᠦᠯᠦᠭᠰᠡᠨ ᠤ ᠳᠠᠷᠠᠭ᠎ᠠ᠂ ︽ᠭᠡᠷᠡᠴᠢᠯᠡᠯ ᠬᠢᠵᠦ ᠥᠭᠬᠦ︾ ᠭᠡᠳᠡᠭ ᠢ ᠲᠣᠪᠴᠢᠳᠠᠪᠠᠯ ᠳᠠᠷᠤᠶ | ᠭᠦᠢᠴᠡᠳᠭᠡᠵᠦ ᠪᠣᠯᠤᠨ᠎ᠠ᠃ | ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠄ ᠬᠥᠬᠡᠬᠤᠲᠠ ᠶᠢᠨ ᠲᠣᠰ ᠬᠤᠲᠠ ︵ᠬᠤᠰᠢᠭᠤ ᠰᠢᠶᠠᠨ | ᠲᠣᠭᠤᠷᠢᠭ ᠪᠠᠭᠲᠠᠨ᠎ᠠ︶ ᠶᠢᠨ ᠡᠷᠦᠬᠡ ᠠᠮᠠ ᠶᠢᠨ ᠲᠠᠩᠰᠠ ᠲᠠᠢ ᠠᠷᠠᠳ ᠢᠷᠭᠡᠨ ᠪᠤᠶᠤ ᠲᠣᠰ ᠬᠤᠲᠠ ᠶᠢᠨ ︽ | ᠣᠷᠣᠰᠢᠨ ᠰᠠᠭᠤᠬᠤ ᠦᠨᠡᠮᠯᠡᠯ︾ ᠢ ᠨᠢᠭᠡᠨᠲᠡ ᠭᠦᠢᠴᠡᠳᠭᠡᠭᠰᠡᠨ ᠭᠠᠳᠠᠷ ᠮᠤᠵᠢ ᠬᠤᠲᠠ ᠶᠢᠨ ᠠᠷᠠᠳ ᠢᠷᠭᠡᠨ᠂ | ᠲᠣᠰ ᠬᠥᠮᠦᠨ ᠨᠢ ᠴᠥᠮ ᠭᠤᠶᠤᠴᠢᠯᠠᠨ ᠭᠦᠢᠴᠡᠳᠭᠡᠵᠦ ᠪᠣᠯᠤᠨ᠎ᠠ᠃ | ᠡᠯᠧᠺᠲᠷᠣᠨ ᠭᠡᠷᠡᠴᠢᠯᠡᠯ᠄ ︽ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢᠨ ᠨᠢᠭᠤᠷ ᠲᠤ ᠣᠷᠣᠵᠤ᠂ ᠪᠠᠷᠠᠭᠤᠨ ᠳᠣᠤᠷ᠎ᠠ ᠥᠨᠴᠥᠭ ᠤᠨ ︽ᠮᠢᠨᠦ︾ — ︽ᠬᠤᠪᠢ | ᠬᠥᠮᠦᠨ ᠤ ᠲᠥᠪ︾ ᠢ ᠳᠠᠷᠤᠵᠤ ᠬᠢᠨᠠᠨ ᠬᠠᠷᠭᠤᠭᠤᠯᠤᠭᠰᠠᠨ ᠪᠠᠶᠢᠳᠠᠯ ᠢ ᠴᠠᠭ ᠲᠤᠬᠠᠶ ᠳᠤᠨᠢ ᠪᠠᠶᠢᠴᠠᠭᠠᠨ ᠦᠵᠡᠵᠦ᠂ | ᠡᠯᠧᠺᠲᠷᠣᠨ ᠬᠡᠪᠯᠡᠯ ᠤᠨ ︽ᠶᠠᠯ᠎ᠠ ᠬᠢᠭᠰᠡᠨ ᠥᠬᠡᠶ ᠲᠡᠮᠳᠡᠭᠯᠡᠯ ᠤᠨ ᠭᠡᠷᠡᠴᠢ︾ ︵PDF ᠬᠡᠯᠪᠡᠷᠢ︶ ᠶᠢ | ᠬᠠᠳᠠᠭᠠᠯᠠᠬᠤ ᠪᠤᠶᠤ ᠪᠤᠳᠤᠭᠲᠤ ᠳᠠᠷᠤᠮᠠᠯᠯᠠᠨ᠎ᠠ᠃ | | | | | | | | | | | | | ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ |