ᠬᠠᠤᠯᠢ ᠴᠠᠭᠠᠵᠠ ᠶᠢᠨ ᠲᠣᠪᠴᠢᠶ᠎ᠠ ᠶᠢᠨ ᠵᠣᠣ ᠵᠢᠶᠦ᠋ᠨ ᠵᠠᠮ ᠤᠨ ᠬᠠᠤᠯᠢ ᠴᠠᠭᠠᠵᠠ ᠶᠢᠨ ᠭᠠᠵᠠᠷ᠄ ᠵᠥᠷᠢᠴᠡᠯ ᠵᠢᠭᠤᠷᠠᠯᠳᠤᠭᠠᠨ ᠢ ᠬᠡᠷ ᠤᠨ ᠡᠭᠦᠳᠡᠨ ᠳᠤ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2024/4/11
     ᠣᠶᠢᠷ᠎ᠠ ᠶᠢᠨ ᠵᠢᠯ ᠳᠤ᠂ ᠢᠦᠶ ᠴᠢᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠵᠣᠣ ᠵᠢᠶᠦ᠋ᠨ ᠵᠠᠮ ᠤᠨ ᠬᠠᠤᠯᠢ ᠴᠠᠭᠠᠵᠠ ᠶᠢᠨ ᠭᠠᠵᠠᠷ ᠤᠨ ᠬᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠪᠡᠷᠬᠡ ᠰᠡᠳᠦᠪ ᠢ ᠰᠢᠢᠳᠪᠦᠷᠢᠯᠡᠨ᠂ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠵᠢᠭᠤᠷᠠᠯᠳᠤᠭᠠᠨ ᠢ ᠡᠶᠡᠳᠡᠭᠦᠯᠬᠦ ᠲᠤᠯᠭᠠᠮ᠎ᠠ ᠱᠠᠭᠠᠷᠳᠠᠯᠭ᠎ᠠ ᠳᠤ ᠴᠢᠭᠯᠡᠭᠦᠯᠦᠨ᠂ ︽ᠣᠯᠠᠨ ᠲᠦᠮᠡᠨ ᠳᠤ ᠦᠢᠯᠡᠴᠢᠯᠡᠬᠦ᠂ ᠣᠯᠠᠨ ᠲᠦᠮᠡᠨ ᠳᠤ ᠲᠥᠬᠦᠮ ᠦᠵᠡᠭᠦᠯᠬᠦ︾ ᠠᠩᠬᠠᠨ ᠤ ᠵᠣᠷᠢᠯᠲᠠ ᠪᠠᠷ ᠵᠣᠣ ᠵᠢᠶᠦ᠋ᠨ ᠵᠠᠮ ᠤᠨ ᠵᠡᠭᠡᠯᠢ ᠭᠤᠳᠤᠮᠵᠢ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠥᠷᠲᠡᠭᠡ ᠶᠢ ᠪᠠᠶᠢᠭᠤᠯᠤᠭᠰᠠᠨ ᠪᠠᠶᠢᠨ᠎ᠠ᠃
     ᠵᠤᠤ ᠵᠢᠶᠦ᠋ᠨ ᠵᠠᠮ ᠤᠨ ᠬᠠᠤᠯᠢ ᠴᠠᠭᠠᠵᠠ ᠶᠢᠨ ᠭᠠᠵᠠᠷ ᠲᠤ ᠬᠦᠷᠬᠦ ᠳᠤ᠂ ᠡᠭᠦᠳᠡᠨ ᠡᠮᠦᠨᠡᠬᠢ ᠲᠡᠮᠳᠡᠭ ᠫᠠᠶᠢᠰᠠ ᠲᠣᠳᠣᠷᠬᠠᠢ ᠪᠥᠭᠡᠳ ᠠᠮᠠᠷᠬᠠᠨ ᠬᠠᠷᠠᠭᠳᠠᠵᠤ᠂ ᠭᠡᠷ ᠳᠣᠲᠣᠷᠠᠬᠢ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠦᠷᠳᠡᠭᠡ ᠶᠢᠨ ᠡᠭᠦᠷᠭᠡ ᠬᠠᠷᠢᠭᠤᠴᠠᠯᠭ᠎ᠠ ᠶᠢ ᠨᠡᠶᠢᠲᠡᠯᠡᠬᠦ ᠰᠠᠮᠪᠠᠷ᠎ᠠ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠴᠤᠪᠤᠷᠠᠯ ᠵᠢᠷᠤᠭ᠂ ᠤᠬᠠᠭᠤᠯᠭ᠎ᠠ ᠶᠢᠨ ᠲᠠᠪᠴᠠᠩ ᠺᠠᠷᠲ ᠢ ᠡᠮᠬᠢ ᠳᠢᠭᠯᠢᠮ ᠲᠠᠢ ᠲᠠᠯᠪᠢᠵᠠᠢ᠃ ᠡᠭᠦᠨ ᠤ ᠬᠠᠮᠲᠤ ᠬᠦᠯᠢᠶᠡᠨ ᠠᠪᠬᠤ ᠴᠤᠩᠬᠤᠪᠴᠢ ᠭᠠᠷᠭᠠᠵᠤ᠂ ᠲᠤᠰᠬᠠᠶ ᠲᠤᠰᠢᠶᠠᠯᠳᠤ ᠠᠷᠠᠳ ᠤᠨ ᠡᠶᠡᠳᠡᠭᠦᠯᠦᠭᠴᠢ᠂ ᠰᠢᠯᠢᠳᠡᠭ ᠵᠠᠯᠠᠭᠤ ᠬᠠᠤᠯᠢᠴᠢ ᠪᠠᠷ ᠡᠭᠡᠯᠵᠢᠯᠡᠭᠦᠯᠦᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠨᠡᠶᠢᠲᠡ ᠶᠢᠨ ᠠᠰᠠᠷᠠᠮᠵᠢ ᠶᠢᠨ᠂ ᠥᠨᠳᠥᠷ ᠪᠦᠲᠦᠮᠵᠢᠲᠡᠶ᠂ ᠲᠤᠰᠬᠠᠶ ᠮᠡᠷᠭᠡᠵᠢᠯ ᠤᠨ᠂ ᠳᠥᠭᠦᠮ ᠳᠥᠲᠡ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃
     ᠠᠵᠢᠯᠯᠠᠭᠰᠠᠨ ᠠᠴᠠ ᠨᠠᠭᠠᠰᠢ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠥᠷᠲᠡᠭᠡ ᠨᠢ ᠨᠡᠶᠢᠭᠡᠮ ᠲᠣᠭᠤᠷᠢᠭ ᠤᠨ ᠵᠠᠰᠠᠯᠲᠠ ᠶᠢᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠤᠨ ᠴᠢᠬᠤᠯᠠ ᠵᠢᠭᠰᠠᠭᠠᠯ ᠤᠨ ᠭᠠᠵᠠᠷ ᠪᠣᠯᠵᠣ᠂ ᠴᠢᠬᠤᠯᠠ ᠦᠢᠯᠡᠳᠦᠯ ᠪᠠᠳᠠᠷᠠᠭᠤᠯᠤᠨ᠂ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠲᠠᠰᠤᠷᠠᠯᠲᠠ ᠥᠬᠡᠶ ᠰᠠᠶᠢᠵᠢᠷᠠᠪᠠ᠃ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠠᠷᠢᠯᠭᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠪᠠ᠃
     ᠠᠷᠠᠳ ᠤᠨ ᠡᠶᠡᠳᠡᠭᠦᠯᠭᠡ ᠶᠢᠨ ᠡᠨᠡᠬᠦ ︽ᠰᠡᠷᠭᠡᠶᠢᠯᠡᠯᠲᠡ ᠶᠢᠨ ᠱᠤᠭᠤᠮ︾ ᠨᠢ ᠶᠡᠭᠡ ᠬᠡᠮᠵᠢᠶᠡᠨ ᠤ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠪᠡ᠃ ᠵᠤᠤ ᠵᠢᠶᠦ᠋ᠨ ᠵᠠᠮ ᠤᠨ ᠬᠠᠤᠯᠢ ᠴᠠᠭᠠᠵᠠ ᠶᠢᠨ ᠭᠠᠵᠠᠷ ᠤᠨ ᠬᠢᠨ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠤᠯᠠᠨ ᠲᠠᠯ᠎ᠠ ᠪᠠᠷ ᠬᠠᠮᠲᠤᠪᠠᠷ ᠵᠠᠰᠠᠵᠤ ᠵᠥᠷᠢᠴᠡᠯ ᠢ ᠦᠨᠳᠦᠰᠦᠨ ᠱᠠᠲᠤᠨ ᠳᠤ ᠰᠢᠢᠳᠪᠦᠷᠢᠯᠡᠪᠡ᠃ ᠠᠷᠠᠳ ᠤᠨ ᠡᠶᠡᠳᠡᠭᠦᠯᠭᠡ᠂ ᠠᠵᠢᠯ ᠲᠦᠷᠦᠯ ᠤᠨ ᠡᠶᠡᠳᠡᠭᠦᠯᠭᠡ᠂ ᠴᠠᠭᠳᠠᠭᠠᠨ ᠵᠠᠬᠢᠷᠤᠭᠴᠢ ᠶᠢᠨ ᠬᠤᠯᠪᠣᠭᠠᠯᠠᠨ ᠡᠶᠡᠳᠡᠭᠦᠯᠬᠦ᠂ ᠵᠠᠬᠢᠳᠠᠯ ᠰᠤᠷᠪᠤᠯᠵᠢᠯᠠᠭ᠎ᠠ ᠶᠢᠨ ᠡᠶᠡᠳᠡᠭᠦᠯᠭᠡ ᠵᠡᠷᠭᠡ ᠵᠢᠭᠤᠷᠠᠯᠳᠤᠭᠠᠨ ᠢ ᠰᠢᠢᠳᠪᠦᠷᠢᠯᠡᠬᠦ ᠬᠦᠴᠦᠨ ᠢ ᠵᠢᠯᠣᠭᠤᠳᠬᠤ ᠪᠠ ᠳᠡᠮᠵᠢᠬᠦ ᠪᠠᠨ ᠴᠢᠩᠭᠠᠳᠬᠠᠵᠤ᠂ ᠵᠥᠷᠢᠴᠡᠯ ᠵᠢᠭᠤᠷᠠᠯᠳᠤᠭᠠᠨ ᠢ ᠦᠨᠡᠨ ᠪᠣᠳᠠᠲᠠᠶ ᠪᠠᠷ ᠦᠨᠳᠦᠰᠦᠨ ᠱᠠᠲᠤᠨ ᠳᠤ ᠨᠠᠮᠳᠠᠭᠤᠯᠵᠤ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠨᠠᠮᠳᠠᠭᠤᠯᠪᠠ᠃      ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠬᠠᠮᠢᠭ᠎ᠠ ᠪᠠᠶᠢᠪᠠᠯ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠳᠠᠷᠤᠢ ᠲᠡᠨᠳᠡ ᠪᠠᠶᠢᠳᠠᠭ᠃ ᠢᠷᠡᠭᠡᠳᠦᠢ ᠳᠤ᠂ ᠵᠤᠤ ᠵᠢᠶᠦ᠋ᠨ ᠵᠠᠮ ᠤᠨ ᠬᠠᠤᠯᠢ ᠴᠠᠭᠠᠵᠠ ᠶᠢᠨ ᠭᠠᠵᠠᠷ ᠤᠨ ᠬᠢᠨ ᠠᠷᠠᠳ ᠤᠨ ᠡᠶᠡᠳᠡᠭᠦᠯᠦᠭᠴᠢ ᠶᠢᠨ ᠲᠤᠷᠰᠢᠯᠭ᠎ᠠ ᠪᠠᠷ ᠪᠠᠶᠠᠯᠢᠭ᠂ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ ᠪᠠᠶᠢᠳᠠᠭ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠡᠶᠢᠭᠡᠮ ᠲᠣᠭᠤᠷᠢᠭ ᠲᠤ ᠬᠠᠤᠯᠢᠵᠢᠯ ᠤᠨ ᠤᠬᠠᠭᠤᠯᠭ᠎ᠠ᠂ ᠵᠥᠷᠢᠴᠡᠯ ᠢ ᠡᠶᠡᠳᠡᠭᠦᠯᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠵᠡᠷᠭᠡ ᠦᠢᠯᠡᠴᠢᠯᠡᠭᠡ ᠬᠠᠩᠭᠠᠵᠤ᠂ ᠲᠣᠰᠬᠤᠨ ᠳᠤ ᠰᠠᠭᠤᠭ᠎ᠠ ᠬᠠᠤᠯᠢ ᠴᠠᠭᠠᠵᠠ ᠶᠢᠨ ᠵᠥᠪᠯᠡᠭᠴᠢ ᠶᠢ ᠦᠨᠳᠦᠰᠦᠨ ᠱᠠᠲᠤᠨ ᠤ ︽ᠬᠠᠤᠯᠢᠵᠢᠯ ᠤᠨ ᠤᠬᠠᠭᠤᠯᠤᠭᠴᠢ︾ ᠪᠠ ᠦᠨᠳᠦᠰᠦᠨ ᠱᠠᠲᠤᠨ ᠤ ᠵᠠᠰᠠᠯᠲᠠ ᠶᠢᠨ ︽ᠬᠠᠤᠯᠢ ᠴᠠᠭᠠᠵᠠ ᠶᠢᠨ ᠤᠶᠤᠨ ᠤ ᠤᠭᠤᠲᠠ︾ ᠪᠣᠯᠭᠠᠬᠤ ᠶᠢ ᠠᠬᠢᠭᠤᠯᠵᠤ᠂ ᠬᠠᠤᠯᠢᠵᠢᠯ ᠢᠶᠠᠷ ᠨᠡᠶᠢᠭᠡᠮ ᠲᠣᠭᠤᠷᠢᠭ ᠤᠨ ᠵᠠᠰᠠᠯᠲᠠ ᠳᠤ ᠨᠡᠩ ᠰᠠᠶᠢᠨ ᠴᠢᠳᠠᠪᠤᠷᠢ ᠣᠯᠭᠤᠬᠤ ᠪᠣᠯᠤᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号