ᠵᠣᠣ ᠵᠢᠶᠦ᠋ᠨ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠄ ᠨᠠᠰᠤᠲᠠᠶᠢᠴᠤᠳ ᠢ ᠬᠠᠶᠢᠷᠠᠯᠠᠨ ᠬᠠᠯᠠᠮᠵᠢᠯᠠᠨ᠎ᠠ — ᠰᠦᠢᠳᠭᠡᠯ ᠬᠤᠷᠢᠶᠠᠬᠤ ᠦᠭᠡᠢ ᠪᠡᠶ᠎ᠡ ᠶᠢᠨ ᠪᠠᠶᠢᠴᠠᠭᠠᠯᠲᠠ ᠨᠢ ᠡᠷᠡᠭᠦᠯ ᠮᠡᠨᠳᠦ ᠶᠢ ᠨᠠᠩ ᠪᠠᠲᠤᠯᠠᠭ᠎ᠠ ᠲᠠᠢ ᠪᠤᠯᠭᠠᠨ᠎ᠠ
ᠨᠡᠶᠢᠲᠡᠯᠡᠭᠰᠡᠨ ᠴᠠᠭ᠄
2024/4/12
     ᠢᠦᠶ ᠴᠢᠤᠸᠠᠨ ᠲᠣᠭᠤᠷᠢᠭ ᠤᠨ ᠬᠢᠨ ᠨᠠᠰᠤᠲᠠᠶᠢᠴᠤᠳ ᠢ ᠬᠠᠯᠠᠮᠵᠢᠯᠠᠬᠤ ᠶᠢ ᠦᠨᠡᠨᠬᠦ ᠵᠢᠵᠢᠭ ᠰᠠᠵᠢᠭ ᠠᠵᠢᠯᠯᠠᠭ᠎ᠠ ᠪᠣᠯᠭᠠᠨ ᠬᠤᠪᠢᠷᠠᠭᠤᠯᠵᠤ᠂ ᠨᠠᠰᠤᠲᠠᠶᠢᠴᠤᠳ ᠲᠤ ᠡᠮᠴᠢᠯᠡᠭᠡᠨ ᠤ ᠦᠢᠯᠡᠴᠢᠯᠡᠭᠡ ᠬᠠᠩᠭᠠᠬᠤ ᠪᠥᠬᠦ ᠶᠠᠪᠤᠴᠠ ᠶᠢ ᠨᠠᠶᠢᠳᠠᠪᠤᠷᠢᠵᠢᠭᠤᠯᠵᠤ᠂ ᠡᠯ᠎ᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠳ ᠭᠠᠷᠠᠭ ᠪᠦᠷᠢ ᠶᠢᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 11᠄ 00 ᠴᠠᠭ ᠲᠤ ᠬᠠᠷᠢᠶ᠎ᠠ ᠣᠷᠣᠨ ᠳᠠᠭᠠᠨ ᠣᠷᠣᠰᠢᠨ ᠰᠠᠭᠤᠵᠤ ᠪᠠᠶᠢᠭ᠎ᠠ 65 ᠨᠠᠰᠤ ᠪᠠ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠵᠢᠴᠢ ᠤᠳᠠᠭᠠᠨ ᠴᠢᠨᠠᠷᠲᠠᠶ ᠡᠪᠡᠳᠴᠢᠲᠡᠨ ︵ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ︶ ᠤ ᠬᠠᠮᠲᠤᠯᠢᠭ ᠲᠤ ᠰᠦᠢᠳᠭᠡᠯ ᠬᠤᠷᠢᠶᠠᠬᠤ ᠥᠬᠡᠶ ᠪᠠᠷ ᠡᠷᠡᠭᠦᠯ ᠮᠡᠨᠳᠦ ᠶᠢᠨ ᠪᠠᠶᠢᠴᠠᠭᠠᠯᠲᠠ ᠬᠢᠨ᠎ᠡ᠂ ᠡᠭᠦᠨ ᠳᠤ᠄ ᠠᠮᠢᠳᠤᠷᠠᠯ ᠤᠨ ᠠᠷᠭ᠎ᠠ ᠮᠠᠶ᠋ᠢᠭ ᠪᠠ ᠡᠷᠡᠭᠦᠯ ᠮᠡᠨᠳᠦ ᠶᠢᠨ ᠪᠠᠶᠢᠳᠠᠯ ᠢ ᠦᠨᠡᠯᠡᠨ ᠵᠢᠱᠢᠬᠦ᠂ ᠪᠡᠶ᠎ᠡ ᠶᠢᠨ ᠪᠠᠶᠢᠴᠠᠭᠠᠯᠲᠠ ᠬᠢᠬᠦ᠂ ᠲᠤᠰᠠᠯᠠᠬᠤ ᠪᠠᠶᠢᠴᠠᠭᠠᠯᠲᠠ ᠬᠢᠬᠦ᠂ ᠡᠷᠡᠭᠦᠯ ᠮᠡᠨᠳᠦ ᠶᠢᠨ ᠵᠢᠯᠣᠭᠤᠳᠣᠯᠭ᠎ᠠ ᠬᠢᠬᠦ ᠵᠡᠷᠭᠡ ᠪᠠᠭᠲᠠᠨ᠎ᠠ᠃
     ᠣᠶᠢᠷ᠎ᠠ ᠳᠤ᠂ ᠰᠤᠷᠪᠤᠯᠵᠢᠯᠠᠭᠴᠢ ᠵᠣᠣ ᠵᠢᠶᠦ᠋ᠨ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠬᠦᠷᠴᠦ ᠦᠵᠡᠭᠰᠡᠨ ᠨᠢ᠂ ᠡᠮᠴᠢ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠪᠠᠷ ᠳᠡᠮᠵᠢᠨ ᠨᠠᠰᠤᠲᠠᠶᠢᠴᠤᠳ ᠤᠨ ᠦᠨᠳᠦᠰᠦᠨ ᠡᠷᠡᠭᠦᠯ ᠮᠡᠨᠳᠦ ᠶᠢᠨ ᠪᠠᠶᠢᠳᠠᠯ᠂ ᠡᠳᠦᠷ ᠲᠤᠲᠤᠮ ᠤᠨ ᠪᠣᠯᠪᠠᠰᠤᠷᠠᠯ᠂ ᠠᠮᠢᠳᠤᠷᠠᠯ ᠤᠨ ᠳᠠᠳᠬᠠᠯ᠂ ᠤᠳᠠᠭᠠᠨ ᠴᠢᠨᠠᠷᠲᠠᠶ ᠡᠪᠡᠳᠴᠢᠨ ᠡᠮᠭᠡᠭ ᠤᠨ ᠪᠠᠶᠢᠩᠭᠤ ᠲᠣᠬᠢᠶᠠᠯᠳᠤᠳᠠᠭ ᠡᠪᠡᠳᠴᠢᠨ ᠤ ᠪᠠᠶᠢᠳᠠᠯ᠂ ᠥᠩᠭᠡᠷᠡᠭᠰᠡᠨ ᠳᠤ ᠣᠯᠤᠭᠰᠠᠨ ᠡᠪᠡᠳᠴᠢᠨ ᠡᠮᠭᠡᠭ᠂ ᠡᠮᠨᠡᠨ ᠵᠠᠰᠠᠬᠤ ᠵᠢᠴᠢ ᠣᠳᠣᠬᠠᠨ ᠤ ᠬᠡᠷᠡᠭᠯᠡᠬᠦ ᠡᠮ ᠪᠠ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠵᠡᠷᠭᠡ ᠪᠠᠶᠢᠳᠠᠯ ᠢ ᠣᠶᠢᠯᠠᠭᠠᠵᠤ ᠮᠡᠳᠡᠭᠰᠡᠨ ᠪᠠᠶᠢᠨ᠎ᠠ︔ ᠡᠷᠡᠭᠦᠯ ᠮᠡᠨᠳᠦ ᠶᠢᠨ ᠵᠢᠯᠣᠭᠤᠳᠣᠯᠭ᠎ᠠ ᠪᠠᠷ ᠳᠡᠮᠵᠢᠨ᠂ ᠦᠨᠡᠯᠡᠯᠲᠡ ᠶᠢᠨ ᠦᠷ᠎ᠡ ᠳ᠋ᠦᠩ ᠢ ᠮᠡᠳᠡᠭᠳᠡᠬᠦ ᠶᠢᠨ ᠬᠠᠮᠲᠤ ᠵᠣᠬᠢᠴᠠᠩᠭᠤᠶ ᠡᠷᠡᠭᠦᠯ ᠮᠡᠨᠳᠦ ᠶᠢᠨ ᠵᠢᠯᠣᠭᠤᠳᠣᠯᠭ᠎ᠠ ᠬᠢᠪᠡ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号