ᠲᠠᠪᠤᠨ ᠰᠤᠪᠤᠷᠭ᠎ᠠ ᠶᠢᠨ ᠡᠮᠦᠨ᠎ᠡ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠠᠯᠪᠠᠨ ᠵᠢᠷᠤᠮ ᠤᠨ ᠡᠮᠴᠢᠯᠡᠭᠡᠨ ᠤ ᠰᠢᠭᠰᠢᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/12
     4 ᠳ᠋ᠤᠭᠡᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠢᠦᠶ ᠴᠢᠤᠸᠠᠨ ᠲᠣᠭᠤᠷᠢᠭ ᠤᠨ ᠲᠠᠪᠤᠨ ᠰᠤᠪᠤᠷᠭ᠎ᠠ ᠶᠢᠨ ᠡᠮᠦᠨ᠎ᠡ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠥᠪᠥᠷ ᠮᠣᠩᠭᠤᠯ ᠤᠨ ᠡᠬᠡ ᠨᠢᠯᠬᠠᠰ ᠤᠨ ᠡᠷᠡᠭᠦᠯᠵᠢᠯ ᠤᠨ ᠬᠦᠷᠢᠶᠡᠯᠡᠩ᠂ ᠪᠠᠭ᠎ᠠ ᠵᠣᠣ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ ᠰᠦᠢᠳᠭᠡᠯ ᠬᠤᠷᠢᠶᠠᠬᠤ ᠥᠬᠡᠶ ᠪᠠᠷ ︽ᠬᠤᠶᠠᠷ ᠥᠮᠡᠨ︾ ᠢ ᠰᠢᠭᠰᠢᠨ ᠪᠠᠶᠢᠴᠠᠭᠠᠬᠤ᠂ ︽ᠲᠠᠪᠤᠨ ᠥᠮᠡᠨ︾ ᠢ ᠰᠢᠭᠰᠢᠨ ᠪᠠᠶᠢᠴᠠᠭᠠᠬᠤ ᠬᠤᠶᠠᠷ ᠵᠦᠢᠯ ᠤᠨ ᠡᠷᠡᠭᠦᠯ ᠮᠡᠨᠳᠦ ᠶᠢᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠦᠨᠳᠦᠰᠦᠨ ᠱᠠᠲᠤᠨ ᠤ ᠣᠯᠠᠨ ᠲᠦᠮᠡᠨ ᠳᠤ ᠲᠤᠰᠬᠠᠶ ᠮᠡᠷᠭᠡᠵᠢᠯᠲᠡᠨ ᠤ ᠡᠮᠴᠢᠯᠡᠭᠡ ᠡᠷᠡᠭᠦᠯᠵᠢᠯ ᠤᠨ ᠦᠢᠯᠡᠴᠢᠯᠡᠭᠡ ᠶᠢ ᠬᠦᠷᠲᠡᠭᠡᠪᠡ᠃
     ᠨᠡᠶᠢᠭᠡᠮ ᠲᠣᠭᠤᠷᠢᠭ ᠤᠨ ᠠᠵᠢᠯᠲᠠᠨ ᠤ ᠵᠣᠬᠢᠶᠠᠨ ᠪᠠᠶᠢᠭᠤᠯᠤᠯᠲᠠ ᠳᠣᠣᠷ᠎ᠠ᠂ ᠡᠮᠴᠢ ᠨᠡᠷ ᠨᠡᠶᠢᠭᠡᠮ ᠲᠣᠭᠤᠷᠢᠭ ᠤᠨ ᠵᠣᠬᠢᠬᠤ ᠨᠠᠰᠤᠨ ᠤ ᠡᠮᠡᠭᠲᠡᠶᠢᠴᠦᠳ ᠲᠤ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠠᠯᠪᠠᠨ ᠵᠢᠷᠤᠮ ᠤᠨ ᠡᠮᠴᠢᠯᠡᠭᠡ ᠪᠠ ᠰᠡᠷᠭᠡᠶᠢᠯᠡᠨ ᠵᠠᠰᠠᠬᠤ ᠤᠬᠠᠭᠤᠯᠭ᠎ᠠ ᠬᠢᠪᠡ᠃
     ᠡᠨᠡ ᠬᠤᠭᠤᠴᠠᠭᠠᠨ ᠳᠤ᠂ ᠡᠮᠨᠡᠯᠭᠡ ᠶᠢᠨ ᠠᠵᠢᠯᠲᠠᠳ ᠬᠦᠯᠢᠴᠡᠩᠭᠦᠶ ᠪᠠᠷ ᠨᠠᠷᠢᠨ ᠨᠢᠮᠪᠠᠶ ᠪᠠᠶᠢᠴᠠᠭᠠᠵᠤ᠂ ᠡᠮᠡᠭᠲᠡᠶᠢᠴᠦᠳ ᠲᠠᠢ ᠢᠳᠡᠪᠬᠢᠲᠡᠶ ᠪᠠᠷ ᠰᠠᠨᠠᠯ ᠢᠶᠠᠨ ᠰᠣᠯᠢᠯᠴᠠᠵᠤ᠂ ᠠᠰᠠᠭᠤᠯᠲᠠ ᠶᠢ ᠬᠦᠯᠢᠴᠡᠩᠭᠦᠶ ᠪᠠᠷ ᠨᠠᠷᠢᠨ ᠨᠢᠮᠪᠠᠶ ᠬᠠᠷᠢᠭᠤᠯᠵᠤ᠂ ᠲᠠᠪᠤᠨ ᠰᠤᠪᠤᠷᠭ᠎ᠠ ᠶᠢᠨ ᠡᠮᠦᠨ᠎ᠡ ᠵᠡᠭᠡᠯᠢ ᠶᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠭᠠᠵᠠᠷ ᠤᠨ ᠰᠠᠶᠢᠨ ᠳᠤᠷ᠎ᠠ ᠶᠢᠨ ᠦᠢᠯᠡᠴᠢᠯᠡᠭᠴᠢᠳ ᠡᠮᠬᠢ ᠳᠢᠭᠯᠢᠮ ᠢ ᠬᠠᠮᠠᠭᠠᠯᠠᠵᠤ᠂ ᠰᠠᠭᠤᠭᠠᠯᠢ ᠠᠷᠠᠳ ᠢ ᠬᠠᠪᠰᠤᠷᠤᠨ ᠬᠦᠰᠦᠨᠦᠭ ᠲᠠᠭᠯᠠᠵᠤ᠂ ᠡᠭᠦᠨ ᠤ ᠬᠠᠮᠲᠤ ᠣᠯᠠᠨ ᠳᠤ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠠᠷᠭ᠎ᠠ ᠪᠣᠯᠤᠨ ᠡᠷᠡᠭᠦᠯ ᠴᠢᠭᠢᠷᠠᠭ ᠰᠢᠨᠵᠢᠯᠡᠬᠦ ᠤᠬᠠᠭᠠᠨᠴᠢ ᠠᠮᠢᠳᠤᠷᠠᠯ ᠤᠨ ᠠᠷᠭ᠎ᠠ ᠮᠠᠶ᠋ᠢᠭ ᠢ ᠲᠦᠭᠡᠮᠡᠯᠵᠢᠭᠦᠯᠵᠦ᠂ ᠥᠷᠭᠡᠨ ᠣᠯᠠᠨ ᠡᠮᠡᠭᠲᠡᠶᠢᠴᠦᠳ ᠤᠨ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠵᠤ᠂ ᠡᠮᠡᠭᠲᠡᠶᠢᠴᠦᠳ ᠤᠨ ᠥᠪᠡᠷ ᠢ ᠪᠠᠨ ᠡᠷᠡᠭᠦᠯᠵᠢᠭᠦᠯᠬᠦ ᠤᠬᠠᠮᠰᠠᠷ ᠪᠠ ᠰᠡᠷᠭᠡᠶᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ︽ᠰᠡᠷᠭᠡᠶᠢᠯᠡᠬᠦ ︾ ᠨᠢ ︽ᠵᠠᠰᠠᠬᠤ︾ ᠠᠴᠠ ᠴᠢᠬᠤᠯᠠ ᠪᠠᠶᠢᠬᠤ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠤᠶ ᠪᠣᠯᠭᠠᠵᠠᠶ᠂ ᠡᠨᠡ ᠤᠳᠠᠭᠠᠨ ᠤ ᠠᠵᠢᠯᠯᠠᠭ᠎ᠠ ᠨᠢ ᠡᠮᠡᠭᠲᠡᠶᠢᠴᠦᠳ ᠤᠨ ᠰᠠᠶᠢᠨ ᠦᠨᠡᠯᠡᠯᠲᠡ ᠶᠢ ᠣᠯᠵᠤ᠂ ᠡᠮᠨᠡᠯᠭᠡ ᠶᠢᠨ ᠬᠤᠷᠢᠶᠠᠨ ᠤ ᠡᠷᠡᠭᠦᠯ ᠮᠡᠨᠳᠦ ᠶᠢᠨ ᠦᠢᠯᠡᠴᠢᠯᠡᠭᠡ ᠳᠤ ᠰᠡᠳᠬᠢᠯ ᠬᠠᠨᠤᠮᠵᠢᠲᠠᠶ ᠪᠠᠶᠢᠬᠤ ᠪᠠ ᠲᠠᠯᠠᠷᠬᠠᠵᠤ ᠪᠠᠶᠢᠬᠤ ᠪᠠᠨ ᠢᠯᠡᠳᠬᠡᠵᠡᠶ᠃      ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠪᠠᠷ ᠳᠡᠮᠵᠢᠨ᠂ ᠢᠦᠶ ᠴᠢᠤᠸᠠᠨ ᠲᠣᠭᠤᠷᠢᠭ ᠤᠨ ᠲᠠᠪᠤᠨ ᠰᠤᠪᠤᠷᠭ᠎ᠠ ᠶᠢᠨ ᠡᠮᠦᠨ᠎ᠡ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠢ ᠬᠠᠪᠰᠤᠷᠤᠨ ᠨᠡᠶᠢᠭᠡᠮ ᠲᠣᠭᠤᠷᠢᠭ ᠠᠴᠠ ᠭᠠᠷᠬᠤ ᠥᠬᠡᠶ ᠪᠠᠷ ᠪᠡᠶ᠎ᠡ ᠮᠠᠬᠠᠪᠣᠳ ᠤᠨ ᠪᠠᠶᠢᠳᠠᠯ ᠢ ᠮᠡᠳᠡᠵᠦ᠂ ᠡᠪᠡᠳᠴᠢᠨ ᠡᠮᠭᠡᠭ ᠢ ᠣᠶᠢᠯᠠᠭᠠᠬᠤ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠪᠡᠶᠡᠯᠡᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠦᠨ᠂ ᠪᠠᠭ᠎ᠠ ᠡᠪᠡᠳᠴᠢᠨ ᠢ ᠡᠷᠲᠡ ᠵᠠᠰᠠᠬᠤ᠂ ᠡᠪᠡᠳᠴᠢᠨ ᠥᠬᠡᠶ ᠪᠠᠷ ᠤᠷᠢᠳᠴᠢᠯᠠᠨ ᠰᠡᠷᠭᠡᠶᠢᠯᠡᠬᠦ ᠵᠣᠷᠢᠯᠭ᠎ᠠ ᠶᠢ ᠪᠡᠶᠡᠯᠡᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠦᠬᠦᠯᠢ ᠴᠣᠭᠴᠠ ᠶᠢᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠪᠡ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ  
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号