ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ᠄ ᠬᠠᠪᠤᠷ ᠤᠨ ᠤᠯᠠᠷᠢᠯ ᠤᠨ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢ ᠴᠢᠩᠭᠠᠳᠬᠠᠵᠤ ᠬᠤᠲᠠ ᠶᠢ ᠨᠠᠩ ︽ᠨᠠᠷᠢᠯᠢᠭ︾ ᠪᠣᠯᠭᠠᠨ᠎ᠠ
ᠨᠡᠶᠢᠲᠡᠯᠡᠭᠰᠡᠨ ᠴᠠᠭ᠄
2024/4/12
     ᠬᠠᠪᠤᠷ ᠤᠨ ᠤᠯᠠᠷᠢᠯ ᠤᠨ ᠣᠷᠴᠢᠨ ᠲᠤᠭᠤᠷᠢᠨ ᠢ ᠴᠡᠭᠴᠡᠯᠡᠨ ᠵᠠᠰᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠤᠲᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠠᠬᠢᠭᠤᠯᠬᠤ ᠶᠢᠨ ᠲᠦᠯᠦᠭᠡ᠂ ᠣᠶᠢᠷ᠎ᠠ ᠶᠢᠨ ᠡᠳᠦᠷ ᠤᠳ ᠲᠤ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠤᠨ ᠬᠢᠨ ᠡᠳᠦᠷ ᠲᠤᠲᠤᠮ ᠤᠨ ᠠᠷᠢᠭᠤᠨ ᠴᠡᠪᠡᠷ ᠤᠨ ᠰᠠᠭᠤᠷᠢᠨ ᠳᠡᠭᠡᠷ᠎ᠡ᠂ ᠨᠠᠷᠢᠯᠢᠭ ᠠᠵᠢᠯᠯᠠᠬᠤ ᠪᠠᠷ ᠬᠦᠴᠦᠯᠡᠬᠦ ᠴᠡᠭ ᠪᠣᠯᠭᠠᠵᠤ᠂ ᠠᠵᠢᠯ ᠤᠨ ᠦᠷ᠎ᠡ ᠪᠦᠲᠦᠮᠵᠢ ᠪᠠ ᠠᠷᠢᠭᠤᠨ ᠴᠡᠪᠡᠷ ᠤᠨ ᠶᠠᠰᠤ ᠴᠢᠨᠠᠷ ᠢ ᠴᠢᠩᠭ᠎ᠠ ᠠᠳᠬᠤᠨ᠂ ᠬᠠᠪᠤᠷ ᠤᠨ ᠤᠯᠠᠷᠢᠯ ᠤᠨ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠬᠤᠲᠠ ᠶᠢᠨ ᠳᠦᠷᠰᠦ ᠪᠠᠶᠢᠳᠠᠯ ᠢ ᠨᠠᠩ ᠴᠢᠨᠠᠷ ᠴᠢᠨᠰᠠᠭ᠎ᠠ ᠲᠠᠢ ᠪᠣᠯᠭᠠᠵᠤ᠂ ᠬᠤᠲᠠ ᠶᠢᠨ ᠥᠩᠭᠡ ᠵᠢᠰᠦ ᠶᠢ ᠨᠠᠩ ︽ᠴᠤᠭ ᠵᠢᠪᠬᠤᠭ᠎ᠠ ᠲᠠᠢ︾ ᠪᠣᠯᠭᠠᠵᠠᠶ᠃
    ᠬᠠᠪᠤᠷ ᠤᠨ ᠤᠯᠠᠷᠢᠯ ᠤᠨ ᠶᠡᠭᠡ ᠰᠠᠯᠬᠢ ᠲᠣᠭᠤᠰᠣ ᠰᠢᠷᠣᠶ ᠨᠡᠮᠡᠭᠳᠡᠬᠦ ᠣᠨᠴᠠᠯᠢᠭ ᠲᠤ ᠬᠠᠨᠳᠤᠭᠤᠯᠤᠨ᠂ ᠤᠬᠢᠶᠠᠵᠤ ᠴᠡᠪᠡᠷᠯᠡᠬᠦ᠂ ᠤᠰᠤ ᠰᠦᠷᠴᠢᠬᠦ᠂ ᠥᠨᠳᠥᠷ ᠳᠠᠷᠤᠯᠲᠠᠲᠤ ᠤᠬᠢᠶᠠᠵᠤ ᠴᠡᠪᠡᠷᠯᠡᠬᠦ᠂ ᠬᠡᠷᠡᠰᠬᠡ ᠶᠢ ᠤᠬᠢᠶᠠᠵᠤ ᠴᠡᠪᠡᠷᠯᠡᠬᠦ᠂ ᠮᠠᠨᠠᠨᠲᠤ ᠶᠡᠭᠡ ᠫᠤᠤ ᠵᠡᠷᠭᠡ ᠲᠣᠮᠣ ᠬᠡᠯᠪᠡᠷᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠠᠵᠢᠯ ᠤᠨ ᠲᠡᠷᠭᠡ ᠬᠥᠰᠬᠡ ᠶᠢ ᠵᠣᠬᠢᠰᠲᠠᠶ ᠲᠣᠬᠢᠷᠠᠭᠤᠯᠤᠨ ᠲᠣᠮᠢᠯᠠᠵᠤ᠂ ᠵᠠᠮ ᠢ ᠮᠠᠰᠢᠨᠴᠢᠯᠠᠯᠲᠠ ᠪᠠᠷ ᠴᠡᠪᠡᠷᠯᠡᠬᠦ ᠶᠢ ᠭᠤᠣᠯᠳᠠᠯᠭ᠎ᠠ ᠲᠠᠢ ᠴᠢᠩᠭᠠᠷᠠᠭᠤᠯᠵᠤ᠂ ︽ᠤᠬᠢᠶᠠᠬᠤ᠂ ᠱᠦᠭᠦᠷᠳᠡᠬᠦ᠂ ᠰᠠᠴᠤᠬᠤ᠂ ᠤᠷᠤᠰᠬᠠᠬᠤ᠂ ᠰᠦᠷᠴᠢᠬᠦ︾ ᠪᠠᠷ ᠳᠠᠮᠵᠢᠭᠤᠯᠤᠨ᠂ ᠤᠷᠬᠢᠯ ᠴᠠᠭ ᠢ ᠵᠦᠷᠢᠭᠦᠯᠦᠨ ᠬᠠᠷᠢᠶ᠎ᠠ ᠣᠷᠣᠨ ᠤ ᠳᠣᠲᠣᠷᠠᠬᠢ ᠡᠯ᠎ᠡ ᠵᠠᠮ ᠤᠨ ᠬᠡᠰᠡᠭ ᠤᠨ ᠵᠠᠮ ᠬᠢᠭᠡᠳ ᠵᠠᠮ ᠳᠠᠭᠠᠤ ᠶᠢᠨ ᠶᠠᠪᠠᠭᠠᠨ ᠵᠠᠮ᠂ ᠬᠤᠭ ᠤᠨ ᠬᠠᠶᠢᠷᠴᠠᠭ᠂ ᠬᠤᠳᠠ ᠶᠢᠨ ᠶᠠᠪᠤᠳᠠᠯ ᠤᠨ ᠪᠡᠯᠡᠳᠬᠡᠮᠵᠢ᠂ ᠲᠤᠰᠠᠭᠠᠷᠯᠠᠨ ᠬᠠᠮᠠᠭᠠᠯᠠᠬᠤ ᠬᠡᠷᠡᠰᠬᠡ ᠶᠢ ᠨᠠᠷᠢᠯᠢᠬᠵᠢᠭᠤᠯᠤᠨ ᠤᠬᠢᠶᠠᠬᠤ᠂ ᠤᠰᠤ ᠰᠠᠴᠤᠬᠤ᠂ ᠲᠣᠭᠤᠰᠣ ᠪᠠᠭᠤᠷᠠᠭᠤᠯᠬᠤ᠂ ᠤᠬᠢᠶᠠᠨ ᠴᠡᠪᠡᠷᠯᠡᠬᠦ ᠠᠵᠢᠯ ᠢ ᠬᠢᠵᠦ᠂ ᠪᠣᠬᠢᠷᠲᠤᠯ ᠢ ᠪᠥᠬᠦ ᠲᠠᠯ᠎ᠠ ᠪᠠᠷ ᠠᠷᠢᠯᠭᠠᠨ᠂ ᠵᠠᠮ ᠳᠤ ᠲᠣᠭᠤᠰᠣ ᠰᠢᠷᠣᠶ ᠥᠭᠡᠢ ᠪᠠᠶᠢᠵᠤ᠂ ᠪᠣᠳᠠᠰ ᠤᠨ ᠤᠭ ᠦᠩᠭᠡ ᠶᠢ ᠨᠢ ᠣᠯᠵᠤ ᠦᠵᠡᠨ᠂ ᠪᠡᠯᠡᠳᠬᠡᠮᠵᠢ ᠶᠢ ᠴᠡᠪᠡᠷ ᠪᠠᠶᠢᠯᠭᠠᠪᠠ᠃ ᠡᠭᠦᠨ ᠤ ᠬᠠᠮᠲᠤ᠂ ︽ᠥᠷᠯᠥᠭᠡ ᠡᠷᠲᠡ ᠨᠡᠶᠢᠳᠡᠮ ᠱᠦᠭᠦᠷᠳᠡᠵᠦ᠂ ᠪᠦᠬᠦᠯᠢ ᠡᠳᠦᠷ ᠢᠶᠠᠷ ᠠᠷᠢᠭᠤᠨ ᠴᠡᠪᠡᠷ ᠪᠠᠶᠢᠯᠭᠠᠬᠤ︾ ᠠᠵᠢᠯᠯᠠᠭᠠᠨ ᠤ ᠵᠠᠭᠪᠤᠷ ᠳᠣᠤᠷ᠎ᠠ᠂ ᠦᠯᠢᠶᠡᠭᠦᠷ ᠮᠠᠰᠢᠨ ᠲᠠᠢ ᠤᠶᠠᠯᠳᠤᠭᠤᠯᠤᠨ᠂ ᠬᠠᠯᠬᠠᠪᠴᠢ ᠬᠡᠷᠡᠰᠬᠡ ᠶᠢᠨ ᠳᠣᠤᠷ᠎ᠠ᠂ ᠵᠠᠮ ᠤᠨ ᠢᠷᠮᠡᠭ᠂ ᠵᠠᠮ ᠳᠠᠭᠠᠤ᠂ ᠮᠣᠳᠣᠨ ᠤ ᠨᠦᠬᠡ᠂ ᠨᠣᠭᠤᠭᠠᠷᠠᠭᠤᠯᠤᠯᠲᠠ ᠶᠢᠨ ᠪᠦᠰᠡ ᠵᠢᠴᠢ ᠪᠣᠷᠣᠭᠠᠨ ᠤ ᠤᠰᠤᠨ ᠤ ᠱᠦᠭᠦᠷ ᠵᠡᠷᠭᠡ ᠨᠠᠷᠢᠨ ᠵᠦᠢᠯᠡᠰ ᠤᠨ ᠬᠡᠰᠡᠭ ᠲᠤ ᠲᠣᠭᠤᠷᠢᠨ ᠶᠠᠪᠤᠵᠤ ᠠᠷᠢᠭᠤᠨ ᠴᠡᠪᠡᠷ ᠪᠠᠶᠢᠯᠭᠠᠬᠤ ᠪᠠ ᠬᠤᠭ ᠨᠣᠪᠰᠢ ᠶᠢ ᠴᠡᠪᠡᠷᠯᠡᠬᠦ ᠡᠷᠴᠢᠮ ᠢ ᠴᠢᠩᠭᠠᠷᠠᠭᠤᠯᠵᠤ᠂ ᠲᠠᠮᠠᠬᠢᠨ ᠶᠤᠵᠤᠭᠤᠷ᠂ ᠴᠠᠭᠠᠰᠤᠨ ᠦᠷᠦᠪᠳᠡᠰᠦ᠂ ᠵᠥᠭᠡᠯᠡᠨ ᠪᠣᠭᠤᠳᠠᠯ ᠵᠡᠷᠭᠡ ᠬᠤᠭ ᠨᠣᠪᠰᠢ ᠶᠢ ᠢᠯᠡᠷᠡᠭᠦᠯᠬᠦ ᠶᠢᠨ ᠳᠠᠭᠠᠤ ᠴᠡᠪᠡᠷᠯᠡᠵᠦ᠂ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠶᠠᠰᠤ ᠴᠢᠨᠠᠷ ᠢ ᠬᠡᠪ ᠤᠨ ᠪᠠᠶᠢᠳᠠᠯ ᠢᠶᠠᠷ ᠪᠠᠲᠤᠯᠠᠵᠤ᠂ ᠦᠷᠭᠦᠯᠵᠢᠯᠡᠨ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠪᠠ᠃ ᠲᠣᠰ ᠤᠳᠠᠭᠠᠨ ᠤ ᠠᠵᠢᠯ ᠢᠶᠠᠷ ᠳᠠᠮᠵᠢᠭᠤᠯᠤᠨ ᠵᠠᠮ ᠤᠨ ︽ᠥᠩᠭᠡ ᠵᠢᠰᠦ︾ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠥᠷᠭᠡᠨ ᠣᠯᠠᠨ ᠲᠦᠮᠡᠨ ᠳᠤ ᠨᠠᠩ ᠴᠡᠪᠡᠷ ᠲᠣᠬᠢᠯᠢᠭ ᠠᠮᠢᠳᠤᠷᠠᠯ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃
     ᠳᠠᠷᠠᠭᠠᠴᠢ ᠶᠢᠨ ᠠᠯᠬᠤᠮ ᠳᠤ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠦᠷᠭᠦᠯᠵᠢᠯᠡᠨ ︽ᠪᠦᠬᠦ ᠲᠠᠯ᠎ᠠ ᠪᠠᠷ ᠠᠬᠢᠭᠤᠯᠵᠤ᠂ ᠨᠠᠷᠢᠨ ᠨᠢᠭᠲᠠ ᠶᠢ ᠳᠣᠪᠤᠶᠢᠯᠭᠠᠬᠤ︾ ᠪᠠᠷ ᠭᠠᠷᠳᠠᠴᠠ ᠪᠣᠯᠭᠠᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯᠯᠠᠬᠤ ᠵᠠᠭᠪᠤᠷ ᠢ ᠲᠠᠰᠤᠷᠠᠯᠲᠠ ᠥᠬᠡᠶ ᠰᠢᠯᠢᠳᠡᠭᠵᠢᠭᠦᠯᠬᠦ᠂ ᠵᠠᠮ ᠴᠡᠪᠡᠷᠯᠡᠬᠦ ᠡᠷᠴᠢᠮ ᠢ ᠴᠢᠩᠭᠠᠷᠠᠭᠤᠯᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠨᠠᠷᠢᠯᠢᠬᠵᠢᠭᠤᠯᠬᠤ ᠵᠡᠷᠭᠡ ᠠᠵᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠨᠠᠷᠢᠯᠢᠬᠵᠢᠭᠤᠯᠬᠤ᠂ ᠪᠠᠶᠢᠩᠭᠤᠵᠢᠭᠤᠯᠬᠤ ᠬᠠᠮᠢᠶᠠᠷᠤᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号