ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ᠄ ᠣᠷᠴᠢᠨ ᠲᠣᠭᠤᠷᠢᠨ ᠤ ᠠᠷᠢᠭᠤᠨ ᠴᠡᠪᠡᠷ ᠢ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠲᠠᠭᠠᠯᠠᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/4/15
     ᠣᠶᠢᠷ᠎ᠠ ᠶᠢᠨ ᠬᠤᠭᠤᠴᠠᠭᠠᠨ ᠳᠤ᠂ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠳᠤ ᠣᠷᠴᠢᠨ ᠲᠤᠭᠤᠷᠢᠨ ᠤ ᠠᠷᠢᠭᠤᠨ ᠴᠡᠪᠡᠷ ᠤᠨ ᠬᠡᠮᠵᠢᠶ᠎ᠡ ᠶᠢ ᠳᠡᠭᠡᠭᠰᠢᠯᠡᠭᠦᠯᠬᠦ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠬᠠᠷᠢᠶᠠᠲᠤ ᠣᠷᠣᠨ ᠤ ᠳᠣᠲᠣᠷᠠᠬᠢ ᠬᠡᠰᠡᠭ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠳᠤ ᠨᠡᠯᠢᠶᠡᠳ ᠶᠡᠭᠡ ᠨᠥᠯᠥᠭᠡ ᠲᠠᠢ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ᠂ ᠬᠤᠭ ᠨᠣᠪᠰᠢ ᠬᠤᠷᠠᠮᠳᠤᠭᠰᠠᠨ ᠭᠠᠵᠠᠷ ᠢ ᠴᠡᠪᠡᠷᠯᠡᠵᠦ᠂ ᠭᠤᠤᠯ ᠳᠡᠳ᠋ ᠵᠠᠮ ᠱᠤᠭᠤᠮ᠂ ᠵᠡᠭᠡᠯᠢ ᠭᠤᠳᠤᠮᠵᠢ ᠶᠢᠨ ᠣᠷᠴᠢᠨ ᠲᠤᠭᠤᠷᠢᠨ ᠤ ᠠᠷᠢᠭᠤᠨ ᠴᠡᠪᠡᠷ ᠢ ᠪᠦᠲᠦᠮᠵᠢᠲᠡᠶ ᠰᠠᠶᠢᠵᠢᠷᠠᠭᠤᠯᠤᠭᠰᠠᠨ ᠪᠠᠶᠢᠨ᠎ᠠ᠃
     ᠬᠠᠩᠰᠢ ᠶᠢᠨ ᠡᠳᠦᠷ ᠤᠨ ᠤᠷᠢᠳ ᠬᠤᠵᠢᠳ ᠢᠶᠠᠷ ᠬᠠᠷᠢᠶ᠎ᠠ ᠲᠣᠭᠤᠷᠢᠭ ᠤᠨ ᠵᠡᠭᠡᠯᠢ ᠭᠤᠳᠤᠮᠵᠢ᠂ ᠵᠠᠳᠠᠭᠠᠶ ᠭᠤᠣᠯ ᠤᠨ ᠡᠷᠭᠢ ᠳᠠᠭᠠᠤ᠂ ᠰᠢᠰᠢ ᠶᠢᠨ ᠪᠠᠶᠢᠰᠢᠩ ᠤᠨ ᠤᠤᠯ ᠤᠨ ᠮᠣᠳᠣᠨ ᠮᠠᠲ᠋ᠧᠷᠢᠶᠠᠯ ᠤᠨ ᠬᠦᠷᠢᠶ᠎ᠡ ᠵᠡᠷᠭᠡ ᠭᠠᠵᠠᠷ ᠨᠢ ᠰᠠᠭᠤᠭᠠᠯᠢ ᠠᠷᠠᠳ ᠤᠨ ᠳᠠᠬᠢᠯᠭ᠎ᠠ ᠶᠢᠨ ᠲᠥᠪᠯᠡᠷᠡᠭᠰᠡᠨ ᠣᠷᠣᠨ ᠪᠣᠯᠤᠭᠰᠠᠨ ᠪᠠᠶᠢᠨ᠎ᠠ᠃ ᠵᠡᠭᠡᠯᠢ ᠭᠤᠳᠤᠮᠵᠢ ᠶᠢᠨ ᠬᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠳ ᠢ ᠵᠣᠬᠢᠶᠠᠨ ᠪᠠᠶᠢᠭᠤᠯᠤᠨ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠤᠨ ᠵᠠᠮ ᠳᠡᠭᠡᠷ᠎ᠡ ᠦᠯᠡᠳᠡᠭᠡᠭᠰᠡᠨ ᠲᠠᠬᠢᠯᠭ᠎ᠠ ᠶᠢᠨ ᠤᠯᠠ ᠮᠥᠷ ᠢ ᠴᠠᠭ ᠲᠤᠬᠠᠶ ᠳᠤᠨᠢ ᠴᠡᠪᠡᠷᠯᠡᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠠᠲᠤᠯᠠᠭ᠎ᠠ ᠶᠢᠨ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠵᠡᠶ᠃
     ᠰᠠᠭᠤᠭᠠᠯᠢ ᠠᠷᠠᠳ ᠪᠣᠯᠤᠨ ᠴᠡᠪᠡᠷᠯᠡᠭᠴᠢ ᠶᠢᠨ ᠲᠤᠰᠬᠠᠭᠰᠠᠨ ᠢᠶᠠᠷ᠂ ᠾᠧᠩ ᠤᠣ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠤᠨ ᠬᠤᠭᠤᠰᠣᠨ ᠭᠠᠵᠠᠷ ᠪᠣᠯᠤᠨ ᠨᠠᠨ ᠶᠤᠸᠠᠨ ᠲᠣᠰᠬᠤᠨ ᠤ ᠳᠣᠣᠷ᠎ᠠ ᠭᠤᠷᠪᠠᠳᠤᠭᠠᠷ ᠠᠩᠬᠢ ᠶᠢᠨ ᠬᠢᠨ ᠦᠷᠭᠦᠯᠵᠢ ᠵᠠᠷᠢᠮ ᠬᠥᠮᠦᠨ ᠪᠠᠷᠢᠯᠭ᠎ᠠ ᠶᠢᠨ ᠬᠤᠭ ᠨᠣᠪᠰᠢ ᠬᠤᠯᠠᠭᠠᠶᠢᠯᠠᠨ ᠬᠠᠶᠠᠵᠤ᠂ ᠬᠡᠷᠪᠡ ᠴᠠᠭ ᠲᠤᠬᠠᠢ ᠳᠤᠨᠢ ᠴᠡᠪᠡᠷᠯᠡᠬᠦ ᠦᠭᠡᠢ ᠪᠣᠯ ᠬᠤᠭ ᠨᠣᠪᠰᠢ ᠪᠦᠷᠬᠦᠳᠡᠭ᠃ ᠵᠡᠭᠡᠯᠢ ᠭᠤᠳᠤᠮᠵᠢ ᠶᠢᠨ ᠬᠢᠨ ᠬᠠᠮᠤᠭ ᠤᠨ ᠲᠦᠷᠦᠭᠦᠨ ᠳᠤ 1 ᠥᠪᠡᠷᠲᠡᠭᠡᠨ ᠪᠠᠭᠤᠯᠭᠠᠬᠤ ᠲᠡᠷᠭᠡ᠂ 1 ᠠᠴᠢᠶᠠᠨ ᠤ ᠮᠠᠰᠢᠨ ᠢ ᠲᠤᠬᠢᠷᠠᠭᠤᠯᠵᠤ ᠲᠥᠪᠯᠡᠷᠡᠭᠦᠯᠦᠨ ᠴᠡᠪᠡᠷᠯᠡᠪᠡ᠃ ᠣᠳᠣᠬᠠᠨ ᠳᠤ ᠲᠤᠬᠠᠶ ᠶᠢᠨ ᠲᠠᠯᠠᠪᠠᠶ ᠶᠢ ᠲᠡᠭᠰᠢᠯᠡᠵᠦ᠂ ᠰᠠᠭᠤᠭᠠᠯᠢ ᠠᠷᠠᠳ ᠤᠨ ᠠᠮᠢᠳᠤᠷᠠᠯ ᠢ ᠨᠥᠯᠥᠭᠡᠯᠡᠬᠦ ᠪᠠᠷᠢᠯᠭ᠎ᠠ ᠶᠢᠨ ᠬᠤᠭ ᠨᠣᠪᠰᠢ ᠦᠭᠡᠶ ᠪᠣᠯᠵᠠᠶ᠃
     ᠾᠧᠩ ᠳ᠋ᠡ ᠪᠠᠶᠠᠨ ᠪᠦᠷᠢᠳᠦ ᠶᠢᠨ ᠬᠤᠷᠢᠶᠠᠯᠠᠯ ᠤᠨ ᠡᠮᠦᠨ᠎ᠡ ᠲᠠᠯ᠎ᠠ ᠪᠣᠯᠤᠨ ᠪᠢᠨ ᠾᠧ ᠬᠤᠶᠢᠲᠤ ᠵᠠᠮ ᠤᠨ ᠬᠤᠭᠤᠷᠣᠨᠳᠣ ᠬᠦᠷᠢᠶ᠎ᠡ ᠬᠡᠷᠡᠮ ᠣᠷᠣᠰᠢᠵᠤ᠂ ᠪᠦᠬᠦ᠋ᠢᠯᠡ ᠨᠣᠭᠤᠭᠠᠷᠠᠭᠤᠯᠤᠯᠲᠠ ᠶᠢᠨ ᠠᠵᠢᠯ ᠤᠨ ᠠᠬᠢᠴᠠ ᠶᠢ ᠨᠥᠯᠥᠭᠡᠯᠡᠪᠡ᠃ ᠵᠡᠭᠡᠯᠢ ᠭᠤᠳᠤᠮᠵᠢ ᠶᠢᠨ ᠬᠢᠨ ᠪᠠᠷᠢᠯᠭ᠎ᠠ ᠶᠢᠨ ᠠᠩᠬᠢ ᠶᠢ ᠵᠣᠬᠢᠴᠠᠭᠤᠯᠤᠨ ᠲᠤᠰ ᠬᠦᠷᠢᠶ᠎ᠡ ᠬᠡᠷᠡᠮ ᠢ ᠨᠤᠷᠠᠭᠠᠭᠰᠠᠨ ᠪᠥᠭᠡᠳ ᠨᠤᠷᠠᠭᠠᠭᠰᠠᠨ ᠤ ᠳᠠᠷᠠᠭ᠎ᠠ ᠪᠤᠢ ᠪᠣᠯᠤᠭᠰᠠᠨ ᠪᠠᠷᠢᠯᠭ᠎ᠠ ᠶᠢᠨ ᠬᠤᠭ ᠨᠣᠪᠰᠢ ᠶᠢ ᠴᠠᠭ ᠲᠤᠬᠠᠢ ᠳᠤᠨᠢ ᠴᠡᠪᠡᠷᠯᠡᠵᠦ᠂ ᠨᠣᠭᠤᠭᠠᠷᠠᠭᠤᠯᠬᠤ ᠠᠵᠢᠯ ᠢ ᠦᠷᠭᠦᠯᠵᠢᠯᠡᠨ ᠥᠷᠨᠢᠭᠦᠯᠬᠦ ᠳᠤ ᠰᠠᠭᠤᠷᠢ ᠲᠠᠯᠪᠢᠵᠤ ᠥᠭᠴᠡᠢ᠃      ᠵᠠᠯᠭᠠᠭᠠᠳ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠬᠢᠨ ᠤᠳᠤ ᠶᠢᠨ ᠪᠠᠶᠢᠭ᠎ᠠ ᠣᠷᠴᠢᠨ ᠲᠣᠭᠤᠷᠢᠨ ᠤ ᠠᠷᠢᠭᠤᠨ ᠴᠡᠪᠡᠷ ᠢ ᠨᠥᠯᠥᠭᠡᠯᠡᠵᠦ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠤᠭᠰᠠᠨ ᠰᠠᠭᠤᠷᠢᠨ ᠳᠡᠭᠡᠷ᠎ᠡ ᠬᠠᠷᠢᠶ᠎ᠠ ᠣᠷᠣᠨ ᠳᠤ ᠲᠥᠯᠥᠪᠵᠢᠭᠦᠯᠭᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠡᠳᠦᠷ ᠤᠨ ᠬᠤᠭ ᠨᠣᠪᠰᠢ ᠶᠢ ᠡᠳᠦᠷ ᠲᠤ ᠨᠢ ᠴᠡᠪᠡᠷᠯᠡᠬᠦ᠂ ᠠᠷᠢᠭᠤᠨ ᠴᠡᠪᠡᠷ ᠤᠨ ᠦᠯᠦ ᠤᠨᠤᠭᠳᠠᠬᠤ ᠪᠤᠯᠤᠩ ᠦᠬᠡᠢ ᠪᠣᠯᠭᠠᠬᠤ᠂ ᠬᠠᠷᠢᠶ᠎ᠠ ᠣᠷᠣᠨ ᠤ ᠣᠷᠴᠢᠨ ᠲᠣᠭᠤᠷᠢᠨ ᠤ ᠬᠠᠮᠢᠶᠠᠷᠤᠯᠲᠠ ᠶᠢ ᠪᠠᠶᠢᠩᠭᠤᠵᠢᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠳᠡᠭᠡᠭᠰᠢᠯᠡᠯᠲᠡ ᠶᠢ ᠦᠷ᠎ᠡ ᠪᠦᠲᠦᠮᠵᠢ ᠲᠠᠢ ᠪᠠᠶᠢᠯᠭᠠᠬᠤ ᠶᠢ ᠪᠠᠲᠤᠯᠠᠬᠤ ᠪᠣᠯᠤᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号