ᠢᠦᠶ ᠴᠢᠤᠸᠠᠨ ᠲᠣᠭᠤᠷᠢᠭ ︽ᠬᠤᠲᠠ ᠶᠢᠨ ᠬᠢᠨ ᠬᠤᠯᠪᠣᠭᠠᠯᠠᠨ ᠬᠠᠮᠲᠤ ᠪᠠᠷ ᠪᠠᠶᠢᠭᠤᠯᠵᠤ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ︾ ᠲᠣᠮᠣ ᠬᠡᠯᠪᠡᠷᠢ ᠶᠢᠨ ᠡᠷᠡᠭᠦᠯ ᠮᠡᠨᠳᠦ ᠶᠢᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/15
     ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠢᠷᠠᠭᠤ ᠠᠯᠳᠠᠷᠲᠤ ᠤᠯᠠᠮᠵᠢᠯᠠᠯ ᠢ ᠪᠠᠳᠠᠷᠠᠭᠤᠯᠵᠤ᠂ ᠰᠠᠭᠤᠭ᠎ᠠ ᠭᠠᠵᠠᠷ ᠤᠨ ᠠᠷᠠᠳ ᠤᠯᠠᠨ ᠢ ᠬᠠᠯᠠᠮᠵᠢᠯᠠᠨ ᠬᠠᠶᠢᠷᠠᠯᠠᠵᠤ ᠪᠠᠶᠢᠬᠤ ᠪᠠᠨ ᠢᠯᠡᠳᠬᠡᠵᠦ᠂ ︽ᠴᠡᠷᠢᠭ ᠨᠢ ᠠᠷᠠᠳ ᠢᠶᠠᠨ ᠬᠠᠶᠢᠷᠠᠯᠠᠬᠤ᠂ ᠠᠷᠠᠳ ᠨᠢ ᠴᠡᠷᠢᠭ ᠢᠶᠠᠨ ᠬᠦᠷᠢᠶᠡᠯᠡᠬᠦ᠂ ᠴᠡᠷᠢᠭ ᠠᠷᠠᠳ ᠪᠦᠯᠬᠦᠮᠳᠡᠨ ᠨᠢᠭᠡ ᠭᠡᠷ ᠤᠨ ᠬᠥᠮᠦᠨ ᠮᠡᠲᠦ ᠳᠤᠲᠤᠨᠤ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠭᠡ᠂ ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠬᠤᠶᠠᠷ ᠢ ᠬᠦᠷᠢᠶᠡᠯᠡᠬᠦ ᠠᠯᠪᠠᠨ ᠬᠡᠷ᠂ ᠢᠦᠶ ᠴᠢᠤᠸᠠᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠠᠮᠲᠤᠷᠠᠭᠰᠠᠨ ᠦᠢᠯᠡᠴᠢᠯᠡᠭᠡᠨ ᠤ ᠪᠠᠲᠤᠯᠠᠭ᠎ᠠ ᠶᠢᠨ ᠴᠡᠷᠢᠭ ᠠᠩᠭᠢ ᠶᠢᠨ 969 ᠳ᠋ᠤᠭᠡᠷ ᠡᠮᠨᠡᠯᠭᠡ ᠶᠢᠨ ᠬᠤᠷᠢᠶ᠎ᠠ ᠢᠦᠶ ᠴᠢᠤᠸᠠᠨ ᠲᠣᠭᠤᠷᠢᠭ ᠤᠨ ᠪᠤᠭᠤᠮᠲᠠ ᠶᠢᠨ ᠬᠠᠭᠤᠴᠢᠨ ᠵᠡᠭᠡᠯᠢ ᠶᠢᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠲᠤ ︽ᠬᠤᠲᠠ ᠶᠢᠨ ᠬᠢᠨ ᠬᠤᠯᠪᠣᠭᠠᠯᠠᠨ ᠬᠠᠮᠲᠤ ᠪᠠᠷ ᠪᠠᠶᠢᠭᠤᠯᠵᠤ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠬᠤ︾ ᠲᠣᠮᠣ ᠬᠡᠯᠪᠡᠷᠢ ᠶᠢᠨ ᠡᠷᠡᠭᠦᠯ ᠮᠡᠨᠳᠦ ᠶᠢᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃
     ᠥᠷᠯᠥᠭᠡ ᠡᠷᠲᠡ᠂ ᠬᠤᠲᠠ ᠶᠢᠨ ᠠᠷᠠᠳ ᠤᠳ 969 ᠳ᠋ᠤᠭᠡᠷ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠤ ᠭᠤᠣᠯᠯᠠᠭᠴᠢ ᠪᠦᠯᠬᠦᠮ ᠤᠨ ᠰᠦᠢᠳᠬᠡᠯ ᠬᠤᠷᠢᠶᠠᠬᠤ ᠦᠭᠡᠶ ᠪᠠᠷ ᠠᠯᠪᠠᠨ ᠵᠢᠷᠤᠮ ᠤᠨ ᠡᠮᠴᠢᠯᠡᠭᠡ ᠬᠢᠭᠰᠡᠨ ᠴᠢᠮᠡᠭᠡ ᠶᠢ ᠰᠣᠨᠣᠰᠴᠤ᠂ ᠬᠤᠶᠢᠨ᠎ᠠ ᠬᠤᠶᠢᠨ᠎ᠠ ᠠᠴᠠ ᠪᠠᠨ ᠬᠦᠷᠦᠯᠴᠡᠨ ᠢᠷᠡᠵᠦ ᠮᠥᠷᠯᠡᠨ ᠬᠦᠯᠢᠶᠡᠵᠦ᠂ ᠲᠤᠬᠠᠶ ᠶᠢᠨ ᠲᠠᠯᠠᠪᠠᠶ ᠳᠤ ᠬᠥᠮᠦᠨ ᠣᠯᠠᠨ ᠴᠤᠭᠯᠠᠷᠠᠵᠠᠶ᠂ ᠲᠣᠰ ᠤᠳᠠᠭᠠᠨ ᠤ ᠬᠠᠮᠲᠤᠷᠠᠭᠰᠠᠨ ᠦᠢᠯᠡᠴᠢᠯᠡᠭᠡᠨ ᠤ ᠪᠠᠲᠤᠯᠠᠭ᠎ᠠ ᠶᠢᠨ ᠴᠡᠷᠢᠭ ᠠᠩᠭᠢ ᠶᠢᠨ 969 ᠳ᠋ᠤᠭᠡᠷ ᠡᠮᠨᠡᠯᠭᠡ ᠶᠢᠨ ᠬᠤᠷᠢᠶᠠᠨ ᠤ ᠠᠯᠪᠠᠨ ᠵᠢᠷᠤᠮ ᠤᠨ ᠡᠮᠴᠢᠯᠡᠭᠡ ᠳᠤ ᠣᠷᠣᠯᠴᠠᠭᠰᠠᠨ ᠰᠠᠯᠠᠭ᠎ᠠ ᠲᠠᠰᠤᠭ ᠲᠤ ᠬᠢᠲᠠᠳ ᠡᠮᠨᠡᠯᠭᠡ ᠶᠢᠨ ᠡᠷᠡᠭᠦᠯᠵᠢᠯ ᠤᠨ ᠰᠠᠯᠠᠭ᠎ᠠ᠂ ᠵᠢᠷᠦᠬᠡ ᠪᠥᠭᠡᠷ᠎ᠡ ᠶᠢᠨ ᠳᠣᠲᠣᠷ ᠰᠠᠯᠠᠭ᠎ᠠ᠂ ᠬᠥᠩᠭᠡᠵᠢᠭᠦᠯᠬᠦ ᠰᠠᠯᠠᠭ᠎ᠠ᠂ ᠰᠢᠲᠠᠩᠬᠠᠢ ᠶᠢ ᠬᠡᠯᠪᠡᠷᠢᠵᠢᠭᠦᠯᠬᠦ ᠰᠠᠯᠠᠭ᠎ᠠ ᠵᠡᠷᠭᠡ 13 ᠰᠠᠯᠠᠭ᠎ᠠ ᠲᠠᠰᠤᠭ ᠪᠠᠶᠢᠵᠤ᠂ ᠨᠡᠶᠢᠲᠡ 20 ᠭᠠᠷᠤᠶ ᠲᠤᠰᠬᠠᠶ ᠮᠡᠷᠭᠡᠵᠢᠯᠲᠡᠨ ᠤ ᠭᠤᠤᠯᠯᠠᠭᠴᠢ ᠪᠦᠯᠬᠦᠮ ᠢ ᠲᠣᠮᠢᠯᠠᠵᠤ᠂ ᠥᠷᠭᠡᠨ ᠣᠯᠠᠨ ᠬᠤᠲᠠ ᠶᠢᠨ ᠠᠷᠠᠳ ᠲᠤ ᠪᠥᠬᠦ ᠲᠠᠯ᠎ᠠ ᠶᠢᠨ ᠰᠦᠢᠳᠭᠡᠯ ᠬᠤᠷᠢᠶᠠᠬᠤ ᠥᠬᠡᠶ ᠪᠠᠷ ᠡᠷᠡᠭᠦᠯ ᠮᠡᠨᠳᠦ ᠶᠢᠨ ᠡᠮᠴᠢᠯᠡᠭᠡᠨ ᠤ ᠦᠢᠯᠡᠴᠢᠯᠡᠭᠡ ᠬᠠᠩᠭᠠᠭᠰᠠᠨ ᠪᠠᠶᠢᠨ᠎ᠠ᠃
     ᠲᠤᠬᠠᠶ ᠶᠢᠨ ᠲᠠᠯᠠᠪᠤᠷ ᠤᠨ ᠡᠮᠴᠢᠯᠡᠭᠡᠨ ᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ ᠲᠥᠭᠡᠷᠢᠭᠳᠡᠯ ᠢ ᠲᠠᠶᠢᠯᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ᠂ ᠡᠪᠡᠳᠴᠢᠨ ᠡᠮᠭᠡᠭ ᠤᠨ ᠵᠥᠪᠯᠡᠯᠭᠡ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ 969 ᠳ᠋ᠤᠭᠡᠷ ᠡᠮᠨᠡᠯᠭᠡ ᠶᠢᠨ ᠬᠤᠷᠢᠶᠠᠨ ᠤ ᠲᠤᠰᠬᠠᠶ ᠮᠡᠷᠭᠡᠵᠢᠯᠲᠡᠨ ᠤ ᠭᠤᠤᠯᠯᠠᠭᠴᠢ ᠪᠦᠯᠬᠦᠮ ᠣᠯᠠᠨ ᠲᠦᠮᠡᠨ ᠳᠤ ᠬᠦᠯᠢᠴᠡᠩᠭᠦᠶ᠂ ᠨᠠᠷᠢᠯᠢᠭ᠂ ᠪᠥᠬᠦ ᠲᠠᠯ᠎ᠠ ᠶᠢᠨ ᠡᠮᠴᠢᠯᠡᠭᠡᠨ ᠤ ᠦᠢᠯᠡᠴᠢᠯᠡᠭᠡ ᠬᠠᠩᠭᠠᠭᠰᠠᠨ ᠪᠠᠶᠢᠨ᠎ᠠ᠃ ᠰᠤᠪᠢᠯᠠᠭᠴᠢ ᠲᠤᠬᠠᠶ ᠶᠢᠨ ᠲᠠᠯᠠᠪᠤᠷ ᠲᠤ ᠪᠠᠰᠠ ᠰᠠᠭᠤᠭᠠᠯᠢ ᠠᠷᠠᠳ ᠲᠤ ᠴᠢᠰᠤᠨ ᠳᠠᠷᠤᠯᠲᠠ᠂ ᠴᠢᠰᠤᠨ ᠰᠢᠬᠢᠷ ᠢ ᠬᠡᠮᠵᠢᠵᠦ ᠥᠭᠬᠦ ᠶᠢᠨ ᠬᠠᠮᠲᠤ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠶᠢᠨ ᠳᠡᠪᠲᠡᠷ ᠲᠠᠷᠬᠠᠭᠠᠪᠠ᠃      ᠲᠤᠰ ᠤᠳᠠᠭᠠᠨ ᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠵᠤ᠂ ᠴᠡᠷᠢᠭ ᠠᠩᠭᠢ ᠪᠠ ᠣᠷᠣᠨ ᠨᠤᠲᠤᠭ ᠤᠨ ︽ᠬᠤᠲᠠ ᠶᠢᠨ ᠬᠢᠨ ᠬᠤᠯᠪᠣᠭᠠᠯᠠᠨ ᠬᠠᠮᠲᠤ ᠪᠠᠷ ᠪᠠᠶᠢᠭᠤᠯᠬᠤ︾ ᠶᠢ ᠯᠠᠪᠳᠠᠭᠤᠨ ᠪᠥᠭᠡᠳ ᠪᠦᠲᠦᠮᠵᠢᠲᠡᠶ ᠥᠷᠨᠢᠭᠦᠯᠬᠦ ᠶᠢ ᠬᠠᠮᠲᠤ ᠪᠠᠷ ᠠᠬᠢᠭᠤᠯᠵᠤ᠂ ᠬᠥᠬᠡᠬᠤᠲᠠ ᠳᠤ ᠰᠠᠭᠤᠭ᠎ᠠ ᠴᠡᠷᠢᠭ ᠠᠩᠭᠢ ᠶᠢᠨ ᠡᠮᠨᠡᠯᠭᠡ ᠶᠢᠨ ᠬᠤᠷᠢᠶ᠎ᠠ ᠶᠢᠨ ᠠᠷᠠᠳ ᠣᠯᠠᠨ ᠳᠤ ᠰᠠᠶᠢᠨ ᠶᠠᠪᠤᠳᠠᠯ᠂ ᠪᠣᠳᠠᠲᠠᠶ ᠶᠠᠪᠤᠳᠠᠯ ᠬᠢᠵᠦ ᠥᠭᠬᠦ ᠤᠯᠠᠮᠵᠢᠯᠠᠯᠲᠤ ᠰᠠᠶᠢᠬᠠᠨ ᠰᠤᠷᠲᠠᠯ ᠢ ᠭᠦᠢᠴᠡᠳ ᠪᠠᠳᠠᠷᠠᠭᠤᠯᠵᠤ᠂ ᠠᠷᠠᠳ ᠤᠨ ᠴᠡᠷᠢᠭ ᠠᠩᠭᠢ ᠶᠢᠨ ᠠᠷᠠᠳ ᠲᠦᠮᠡᠨ ᠢᠶᠠᠨ ᠬᠠᠶᠢᠷᠠᠯᠠᠬᠤ ᠰᠠᠶᠢᠨ ᠰᠠᠶᠢᠬᠠᠨ ᠳᠦᠷᠢ ᠲᠥᠷᠬᠦ ᠶᠢ ᠪᠠᠲᠤ ᠪᠠᠬᠢ ᠪᠣᠶ ᠪᠣᠯᠭᠠᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠠᠷᠠᠳ ᠣᠯᠠᠨ ᠤ ᠵᠣᠯ ᠵᠢᠷᠭᠠᠯᠲᠤ ᠰᠡᠳᠬᠢᠯᠭᠡ ᠪᠠ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠂ ᠭᠦᠨ ᠵᠤᠵᠠᠭᠠᠨ ︽ᠴᠡᠷᠢᠭ ᠠᠷᠠᠳ ᠤᠨ ᠵᠢᠭᠠᠰᠤ ᠤᠰᠤᠨ ᠤ ᠨᠥᠬᠦᠷᠯᠡᠯ︾ ᠢ ᠪᠢᠴᠢᠭᠯᠡᠪᠡ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号