ᠢᠦᠢ ᠴᠢᠤᠸᠠᠨ ᠲᠣᠭᠤᠷᠢᠭ 2024 ᠣᠨ ᠤ ᠪᠦᠬᠦ ᠲᠤᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/15
     4 ᠳ᠋ᠤᠭᠡᠷ ᠰᠠᠷ᠎ᠠ ᠶᠢᠨ 11 ᠤ ᠡᠳᠦᠷ᠂ ᠢᠦᠢ ᠴᠢᠤᠸᠠᠨ ᠲᠣᠭᠤᠷᠢᠭ 2024 ᠣᠨ ᠤ ᠪᠦᠬᠦ ᠲᠤᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ ᠲᠤᠰ ᠲᠤᠰ 2023 ᠣᠨ ᠤ ᠪᠦᠬᠦ ᠲᠤᠭᠤᠷᠢᠭ ᠤᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠠᠵᠢᠯ ᠢ ᠪᠦᠬᠦ ᠲᠠᠯ᠎ᠠ ᠪᠠᠷ ᠰᠢᠰᠲ᠋ᠧᠮ ᠲᠠᠢ ᠡᠷᠭᠢᠴᠡᠭᠦᠯᠦᠨ ᠳ᠋ᠦᠩᠨᠡᠵᠦ᠂ 2024 ᠣᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠮᠥᠨ᠂ ᠮᠥᠨ ᠴᠦ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠢᠳᠡᠪᠬᠢᠲᠡᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠨᠠᠮ ᠤᠨ ᠤᠯᠤᠰ ᠲᠦᠷᠦ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠦᠨᠡᠨᠬᠦ ᠬᠥᠭᠵᠢᠯᠲᠡ ᠶᠢᠨ ᠳᠠᠪᠠᠭᠤᠯᠢᠭ ᠪᠣᠯᠤᠨ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠪᠣᠳᠠᠲᠠᠢ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠭᠰᠠᠨ ᠦᠷ᠎ᠡ ᠪᠦᠲᠦᠭᠡᠯ ᠢᠶᠠᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠬᠤ ᠪᠣᠳᠠᠲᠠᠢ ᠰᠡᠳᠬᠢᠴᠡ ᠪᠠ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ᠃ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠠᠯᠠᠭ᠎ᠠ ᠶᠢᠨ ᠳᠡᠰ ᠤᠨ ᠺᠠᠳ᠋ᠷ ᠢ ᠪᠣᠯᠪᠠᠰᠤᠷᠠᠭᠤᠯᠬᠤ ᠭᠤᠣᠯ ᠴᠣᠭᠴᠠ ᠶᠢᠨ ᠠᠩᠬᠢ ᠶᠢ ᠰᠢᠨ᠎ᠡ ᠪᠠᠷ ᠡᠭᠦᠳᠦᠨ ᠰᠠᠶᠢᠲᠤᠷ ᠵᠣᠬᠢᠶᠠᠨ ᠪᠠᠶᠢᠭᠤᠯᠵᠤ᠂ ᠪᠦᠬᠦ  ᠲᠤᠭᠤᠷᠢᠭ ᠤᠨ ᠤᠳᠤᠷᠢᠳᠬᠤ ᠺᠠᠳ᠋ᠷ ᠤᠨ ᠤᠨᠤᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠦᠷᠦ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠵᠤ᠂ ᠮᠠᠨ ᠤ ᠲᠤᠭᠤᠷᠢᠭ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠰᠠᠶᠢᠲᠤᠷ ᠬᠡᠷᠡᠭᠵᠢᠭᠦᠯᠬᠦ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠭᠤᠣᠯ ᠠᠵᠢᠯ ᠢ ᠣᠷᠭᠠᠨᠢᠭ ᠢᠶᠠᠷ ᠬᠠᠷᠢᠯᠴᠠᠨ ᠠᠬᠢᠭᠤᠯᠬᠤ ᠶᠢ ᠪᠣᠳᠠᠲᠠᠢ ᠠᠳᠬᠤᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠡᠭᠡᠷ᠎ᠡ ᠢᠯᠡᠷᠡᠭᠦᠯᠵᠦ᠂ ᠴᠢᠨᠠᠷ ᠰᠠᠶᠢᠲᠠᠢ ᠬᠥᠭᠵᠢᠯᠲᠡ ᠳᠡᠭᠡᠷ᠎ᠡ ᠢᠯᠡᠷᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠳᠡᠭᠡᠷ᠎ᠡ ᠢᠯᠡᠷᠡᠭᠦᠯᠵᠦ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠳᠡᠭᠡᠭᠰᠢᠯᠡᠭᠦᠯᠵᠦ᠂ ᠴᠢᠳᠠᠪᠤᠷᠢᠲᠠᠨ ᠢ ᠪᠦᠬᠦ ᠲᠠᠯ᠎ᠠ ᠪᠠᠷ ᠬᠥᠮᠦᠵᠢᠭᠦᠯᠵᠦ ᠣᠷᠣᠭᠤᠯᠤᠨ ᠠᠪᠴᠢᠷᠠᠵᠤ ᠰᠠᠶᠢᠲᠤᠷ ᠬᠡᠷᠡᠭᠯᠡᠬᠦ ᠵᠡᠷᠭᠡ ᠠᠵᠢᠯ ᠢ ᠪᠦᠬᠦ ᠲᠠᠯ᠎ᠠ ᠪᠠᠷ ᠬᠢᠵᠦ᠂ ᠦᠨᠡᠨᠬᠦ ᠴᠢᠩᠭ᠎ᠠ ᠬᠦᠴᠦᠲᠡᠢ ᠺᠠᠳ᠋ᠷ ᠤᠨ ᠡᠩᠨᠡᠭᠡ᠂ ᠦᠨᠳᠦᠰᠦᠨ ᠱᠠᠲᠤᠨ ᠤ ᠰᠠᠭᠤᠷᠢ᠂ ᠴᠢᠳᠠᠪᠤᠷᠢᠲᠠᠨ ᠤ ᠡᠩᠨᠡᠭᠡ ᠪᠠᠷ ᠴᠢᠨᠠᠷ ᠰᠠᠶᠢᠲᠠᠢ ᠬᠥᠭᠵᠢᠯᠲᠡ ᠶᠢᠨ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠤᠬᠠᠭᠤᠯᠬᠤ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠱᠤᠭᠤᠮ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭ᠎ᠠ ᠤᠨᠤᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠣᠯ ᠪᠣᠯᠬᠤ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠳᠣᠲᠣᠭᠠᠳᠤ ᠳᠠᠭᠠᠨ ᠬᠦᠴᠦᠨ ᠢᠶᠠᠨ ᠨᠢᠭᠲᠠᠷᠠᠭᠤᠯᠵᠤ᠂ ᠭᠠᠳᠠᠭᠠᠳᠤ ᠳᠤ ᠲᠦᠷᠢ ᠲᠥᠷᠬᠦ ᠪᠠᠨ ᠢᠯᠡᠷᠡᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠤᠬᠠᠭᠤᠯᠬᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠵᠡᠷᠭᠡ ᠠᠵᠢᠯ ᠢ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠷᠭᠡᠳᠬᠡᠬᠦ ᠲᠠᠢ ᠤᠶᠠᠯᠳᠤᠭᠤᠯᠬᠤ ᠬᠡᠷᠡᠭᠲᠡᠢ᠃ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠬᠢᠨ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠣᠯᠠᠨ ᠨᠠᠮ ᠤᠨ ᠬᠠᠮᠲᠤᠷᠠᠨ ᠠᠵᠢᠯᠯᠠᠬᠤ ᠪᠠ ᠤᠯᠤᠰ ᠲᠥᠷᠥ ᠶᠢᠨ ᠵᠥᠪᠯᠡᠯᠭᠡ ᠬᠢᠬᠦ ᠳᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠨᠠᠮ ᠤᠨ ᠱᠠᠰᠢᠨ ᠰᠤᠷᠲᠠᠬᠤᠨ ᠤ ᠠᠵᠢᠯ ᠳᠠᠬᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠠᠮ ᠤᠨ ᠭᠠᠳᠠᠨᠠᠬᠢ ᠰᠡᠬᠡᠭᠡᠲᠡᠨ ᠪᠠ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠢᠭᠡᠳᠦᠮᠡᠯ ᠹᠷᠣᠨᠲ ᠤᠨ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠪᠠ ᠨᠠᠮ ᠤᠨ ᠠᠩᠬᠢ ᠶᠢᠨ ᠰᠠᠭᠤᠷᠢ ᠶᠢ ᠴᠢᠩᠭᠠᠳᠬᠠᠬᠤ᠂ ᠨᠠᠮ ᠤᠨ ᠤᠯᠠᠨ ᠲᠦᠮᠡᠨ ᠤ ᠰᠠᠭᠤᠷᠢᠨ ᠳᠡᠭᠡᠷᠡᠬᠢ ᠦᠢᠯᠡᠳᠦᠯ ᠢ ᠦᠷᠭᠡᠳᠭᠡᠬᠦ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠥᠮᠦᠰ ᠤᠨ ᠰᠡᠳᠬᠢᠯ ᠪᠠ ᠬᠦᠴᠦᠨ ᠴᠢᠳᠠᠯ ᠢ ᠦᠷᠭᠦᠯᠵᠢᠯᠡᠨ ᠨᠢᠭᠲᠠᠷᠠᠭᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠤᠰ ᠤᠳᠠᠭ᠎ᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠡᠭᠦᠷᠭᠡᠯᠡᠵᠦ᠂ ᠰᠡᠳᠬᠢᠯ ᠰᠠᠨᠠᠭ᠎ᠠ ᠪᠠᠨ ᠨᠢᠭᠡᠳᠬᠡᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠴᠢᠩᠭ᠎ᠠ ᠬᠠᠷᠢᠭᠤᠴᠠᠯᠭ᠎ᠠ ᠡᠭᠦᠷᠭᠡᠯᠡᠯ᠂ ᠲᠡᠭᠦᠰ ᠲᠡᠭᠦᠯᠳᠡᠷ ᠤᠶᠤᠨ ᠰᠠᠨᠠᠭᠠᠨ ᠤ ᠪᠠᠶᠢᠳᠠᠯ᠂ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠷ ᠪᠦᠬᠦ ᠲᠤᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠳᠤ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠵᠤ᠂ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号