ᠢᠦᠶ ᠴᠢᠤᠸᠠᠨ ᠲᠣᠭᠤᠷᠢᠭ ︽ᠡᠷᠴᠢ ᠵᠣᠷᠢᠭ ᠢᠶᠠᠨ ᠬᠥᠪᠴᠢᠯᠡᠨ ᠤᠯᠤᠰ ᠤᠨ ᠪᠠᠲᠤᠯᠠᠨ ᠬᠠᠮᠠᠭᠠᠯᠠᠯᠲᠠ ᠪᠠᠨ ᠬᠦᠴᠦᠷᠬᠡᠭᠵᠢᠭᠦᠯᠵᠦ ᠰᠡᠷᠭᠦᠨ ᠮᠠᠨᠳᠤᠯᠲᠠ ᠲᠡᠶᠢᠰᠢ ᠡᠷᠡᠯᠬᠡᠭᠯᠡᠨ ᠤᠷᠤᠭᠰᠢᠯᠠᠶ᠎ᠠ︾ ᠭᠡᠬᠦ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠡᠷᠢᠭ ᠤᠨ ᠶᠠᠪᠤᠳᠠᠯ ᠤᠨ ᠬᠥᠮᠦᠵᠢᠯ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/15
     ᠵᠠᠯᠠᠭᠤᠴᠤᠳ ᠪᠠᠭᠠᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠢᠶᠠᠨ ᠬᠠᠶᠢᠷᠠᠯᠠᠬᠤ ᠦᠵᠡᠯ ᠰᠠᠨᠠᠭ᠎ᠠ ᠶᠢ ᠳᠣᠲᠣᠭᠠᠳᠤ ᠰᠡᠳᠬᠢᠯ ᠳᠤᠨᠢ ᠭᠦᠨ ᠬᠠᠳᠠᠩᠰᠢᠭᠤᠯᠬᠤ ᠶᠢᠨ ᠲᠦᠯᠦᠭᠡ᠂ ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠢᠦᠶ ᠴᠢᠤᠸᠠᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠡᠷᠦᠬᠡ ᠶᠢᠨ ᠴᠡᠷᠢᠭ ᠤᠨ ᠰᠤᠷᠭᠠᠭᠴᠢ ᠶᠢ ᠵᠣᠬᠢᠶᠠᠨ ᠪᠠᠶᠢᠭᠤᠯᠵᠤ᠂ ᠬᠠᠮᠲᠤ ᠪᠠᠷ ᠲᠠᠪᠤᠨ ᠰᠤᠪᠤᠷᠭᠠᠲᠤ ᠰᠦᠮ᠎ᠡ ᠶᠢᠨ ᠵᠡᠭᠦᠨ ᠵᠡᠭᠡᠯᠢ ᠶᠢᠨ ᠪᠠᠭ᠎ᠠ ᠰᠤᠷᠭᠠᠭᠤᠯᠢ ᠳᠤ ᠬᠦᠷᠴᠦ ︽ᠡᠷᠴᠢ ᠵᠣᠷᠢᠭ ᠢᠶᠠᠨ ᠬᠥᠪᠴᠢᠯᠡᠨ ᠤᠯᠤᠰ ᠤᠨ ᠪᠠᠲᠤᠯᠠᠨ ᠬᠠᠮᠠᠭᠠᠯᠠᠯᠲᠠ ᠪᠠᠨ ᠬᠦᠴᠦᠷᠬᠡᠭᠵᠢᠭᠦᠯᠵᠦ ᠰᠡᠷᠭᠦᠨ ᠮᠠᠨᠳᠤᠯᠲᠠ ᠲᠡᠶᠢᠰᠢ ᠡᠷᠡᠯᠬᠡᠭᠯᠡᠨ ᠤᠷᠤᠭᠰᠢᠯᠠᠶ᠎ᠠ︾ ᠭᠡᠬᠦ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠡᠷᠢᠭ ᠤᠨ ᠶᠠᠪᠤᠳᠠᠯ ᠤᠨ ᠬᠥᠮᠦᠵᠢᠯ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ᠃
     ︽ᠬᠤᠶᠠᠷ ᠭᠠᠷ ᠢᠶᠠᠨ ᠪᠦᠳᠦᠭᠦᠨ ᠭᠤᠶ᠎ᠠ ᠶᠢᠨ ᠬᠤᠶᠠᠷ ᠲᠠᠯ᠎ᠠ ᠳᠤ ᠠᠶᠠᠨᠳᠠᠭᠠᠨ ᠤᠨᠵᠢᠭᠤᠯᠤᠨ ᠲᠠᠯᠪᠢᠵᠤ᠂ ᠨᠢᠷᠤᠭᠤ ᠪᠠᠨ ᠲᠡᠨᠢᠢᠯᠭᠡᠨ᠂ ᠬᠤᠶᠠᠷ ᠨᠢᠳᠦ ᠪᠠᠷ ᠢᠶᠠᠨ ᠡᠮᠦᠨᠡᠰᠢ ᠰᠢᠷᠲᠡᠨ᠎ᠡ︕︾ ᠭᠡᠵᠦ ᠬᠡᠦᠬᠡᠳ ᠤᠳ ᠰᠤᠷᠭᠠᠭᠴᠢ ᠶᠢᠨ ᠳᠠᠭᠠᠭᠤᠯᠭ᠎ᠠ ᠪᠠᠷ ᠲᠥᠪ ᠵᠣᠭᠰᠣᠬᠤ᠂ ᠰᠤᠯᠠ ᠵᠣᠭᠰᠣᠬᠤ᠂ ᠠᠯᠤᠰᠯᠠᠬᠤ᠂ ᠤᠷᠢᠶ᠎ᠠ ᠬᠠᠰᠬᠢᠷᠬᠤ ᠵᠡᠷᠭᠡ ᠵᠢᠭᠰᠠᠭᠠᠯ ᠤᠨ ᠬᠥᠳᠡᠯᠭᠡᠭᠡᠨ ᠢ ᠪᠣᠯᠪᠠᠰᠤᠷᠠᠭᠤᠯᠤᠨ᠎ᠠ᠃ ᠰᠤᠷᠭᠠᠭᠴᠢ ᠶᠢᠨ ᠴᠢᠩᠭ᠎ᠠ ᠱᠠᠭᠠᠷᠳᠠᠯᠭ᠎ᠠ ᠪᠠᠷ ︽ᠪᠢᠴᠢᠬᠠᠨ ᠴᠡᠷᠢᠭ︾ ᠦᠳᠲᠡᠷ ᠲᠦᠷᠭᠡᠨ ᠦᠰᠦᠨ ᠪᠤᠶᠢᠵᠢᠵᠤ᠂ ᠴᠤᠬ ᠵᠢᠪᠬᠤᠭ᠎ᠠ ᠲᠠᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠢᠯᠡᠷᠡᠭᠦᠯᠪᠡ᠃
     ᠳᠠᠷᠠᠭ᠎ᠠ ᠨᠢ ᠰᠤᠷᠭᠠᠭᠴᠢ ᠠᠴᠠ ᠴᠡᠷᠢᠭ ᠤᠨ ᠶᠠᠪᠤᠳᠠᠯ ᠤᠨ ᠲᠣᠨᠣᠭᠯᠠᠯ ᠤᠨ ᠵᠠᠭᠪᠤᠷ ᠢ ᠳᠡᠯᠭᠡᠨ ᠦᠵᠡᠭᠦᠯᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠲᠠᠶᠢᠯᠪᠤᠷᠢᠯᠠᠬᠤ᠂ ᠴᠡᠷᠢᠭ ᠤᠨ ᠬᠤᠸᠠᠷᠠᠨ ᠤ ᠳᠠᠭᠤᠤ ᠶᠢ ᠵᠢᠭᠠᠵᠤ ᠳᠠᠭᠤᠯᠠᠬᠤ᠂ ᠴᠡᠷᠢᠭ ᠤᠨ ᠶᠠᠪᠤᠳᠠᠯ ᠤᠨ ᠪᠣᠯᠪᠠᠰᠤᠷᠠᠯ ᠢ ᠣᠶᠢᠯᠠᠭᠠᠬᠤ ᠵᠡᠷᠭᠡ ᠬᠡᠯᠪᠡᠷᠢ ᠪᠠᠷ ᠰᠤᠷᠤᠭᠴᠢᠳ ᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠲᠠᠢ ᠪᠣᠯᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠨᠢ ᠴᠢᠩᠭᠠᠳᠬᠠᠵᠤ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠤᠯᠤᠰ ᠲᠠᠭᠠᠨ ᠵᠢᠳᠬᠦᠬᠦ ᠵᠣᠷᠢᠭ ᠪᠣᠯᠭᠠᠨ ᠬᠤᠪᠢᠷᠠᠭᠤᠯᠵᠤ᠂ ᠡᠬᠡ ᠤᠯᠤᠰ ᠢᠶᠠᠨ ᠪᠦᠲᠦᠭᠡᠨ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠬᠦ ᠶᠢ ᠬᠦᠳᠦᠯᠦᠨ ᠵᠢᠯᠣᠭᠤᠳᠪᠠ᠃
     ᠲᠤᠰ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠨᠢ ᠰᠤᠷᠤᠭᠴᠢᠳ ᠲᠤ ᠴᠡᠷᠢᠭ ᠤᠨ ᠶᠠᠪᠤᠳᠠᠯ ᠤᠨ ᠣᠶᠢᠯᠠᠭᠠᠯᠲᠠ ᠶᠢᠨ ᠳᠤᠮᠳᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠭᠦᠨᠵᠡᠭᠡᠢ ᠠᠭᠤᠯᠤᠭᠳᠠᠬᠤᠨ ᠢ ᠨᠡᠩ ᠣᠨᠣᠪᠴᠢᠲᠠᠢ ᠡᠵᠡᠮᠰᠢᠭᠦᠯᠵᠦ᠂ ᠬᠠᠷᠢᠯᠴᠠᠨ ᠦᠢᠯᠡᠳᠦᠯᠴᠡᠬᠦ ᠳᠤᠮᠳᠠ ᠪᠦᠯᠬᠦᠮ ᠨᠡᠶᠢᠲᠡ ᠶᠢᠨ ᠵᠣᠷᠢᠭ ᠰᠠᠨᠠᠭᠠᠨ ᠤ ᠷᠢᠳᠢ ᠰᠢᠳᠢ ᠶᠢ ᠨᠡᠩ ᠦᠨᠡᠨ ᠪᠣᠳᠠᠲᠠᠢ ᠪᠠᠷ ᠤᠶᠢᠯᠠᠭᠠᠭᠤᠯᠪᠠ᠃ ᠰᠤᠷᠭᠠᠨ ᠬᠥᠮᠦᠵᠢᠯ ᠢ ᠪᠠᠶᠠᠷ ᠴᠡᠩᠭᠡᠯ ᠳᠤ ᠠᠬᠤᠭᠤᠯᠤᠭᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠡᠷᠢᠭ ᠤᠨ ᠶᠠᠪᠤᠳᠠᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢᠶᠠᠷ ᠳᠠᠮᠵᠢᠭᠤᠯᠤᠨ᠂ ᠴᠤᠭ ᠵᠢᠪᠬᠤᠭ᠎ᠠ ᠲᠠᠢ᠂ ᠡᠷᠡᠭᠦᠯ ᠴᠢᠭᠢᠷᠠᠭ ᠪᠡᠶ᠎ᠡ ᠮᠠᠬᠠᠪᠣᠳ ᠲᠠᠢ᠂ ᠴᠡᠷᠢᠭ ᠢ ᠡᠷᠬᠢᠮᠯᠡᠬᠦ ᠵᠠᠯᠠᠭᠤᠴᠤᠳ ᠪᠠᠭᠠᠴᠤᠳ ᠢ ᠬᠥᠮᠦᠵᠢᠭᠦᠯᠵᠦ᠂ ᠵᠠᠯᠠᠭᠤᠴᠤᠳ ᠪᠠᠭᠠᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠡᠪ ᠪᠣᠯᠪᠠᠰᠤᠷᠠᠯ ᠪᠠ ᠴᠡᠷᠢᠭ ᠢᠶᠠᠨ ᠬᠦᠷᠢᠶᠡᠯᠡᠨ ᠴᠡᠷᠢᠭ ᠢᠶᠠᠨ ᠬᠠᠶᠢᠷᠠᠯᠠᠬᠤ ᠤᠬᠠᠮᠰᠠᠷ ᠢ ᠳᠡᠭᠡᠭᠰᠢᠯᠡᠭᠦᠯᠵᠦ᠂ ᠤᠯᠤᠰ ᠢᠶᠠᠨ ᠬᠠᠶᠢᠷᠠᠯᠠᠬᠤ ᠵᠣᠷᠢᠭ ᠢ ᠤᠯᠤᠰ ᠲᠠᠭᠠᠨ ᠵᠢᠳᠬᠦᠬᠦ ᠪᠣᠳᠠᠲᠤ ᠶᠠᠪᠤᠳᠠᠯ ᠪᠣᠯᠭᠠᠵᠤ᠂ ᠤᠯᠤᠰ ᠢᠶᠠᠨ ᠬᠦᠴᠦᠷᠬᠡᠭᠵᠢᠭᠦᠯᠬᠦ ᠴᠡᠷᠢᠭ ᠢᠶᠠᠨ ᠬᠦᠴᠦᠷᠬᠡᠭᠵᠢᠭᠦᠯᠬᠦ ᠴᠠᠭ ᠦᠶ᠎ᠡ ᠶᠢᠨ ᠬᠠᠮᠤᠭ ᠤᠨ ᠬᠦᠴᠦᠷᠬᠡᠭ ᠳᠠᠭᠤᠨ ᠢ ᠴᠢᠪᠬᠠᠳᠠᠨ᠎ᠠ᠃
          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号