ᠢᠦᠶ ᠴᠢᠤᠸᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠵᠡᠮᠳᠡᠭᠴᠦᠳ ᠤᠨ ᠰᠣᠶᠣᠯ ᠢ ᠬᠡᠷ ᠪᠦᠯᠢ ᠳᠤ ᠣᠷᠣᠭᠤᠯᠬᠤ ︽ᠲᠠᠪᠤᠨ ᠨᠢᠭᠡ︾ ᠶᠢᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/15
     ᠵᠡᠮᠳᠡᠭᠴᠦᠳ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠡᠳ᠋ᠯᠡᠬᠦ ᠬᠢᠷᠢ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠵᠡᠮᠳᠡᠭᠴᠦᠳ ᠤᠨ ᠤᠯᠠᠨ ᠲᠡᠰ ᠳᠠᠪᠬᠤᠷᠭ᠎ᠠ ᠶᠢᠨ ᠰᠣᠶᠣᠯ ᠤᠨ ᠬᠡᠷᠡᠭᠴᠡᠭᠡ ᠪᠣᠯᠤᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠬᠠᠩᠭᠠᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠢᠦᠢ ᠴᠢᠤᠸᠠᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ 27 ᠵᠡᠮᠳᠡᠭᠴᠦᠳ ᠢ ᠵᠣᠬᠢᠶᠠᠨ ᠪᠠᠶᠢᠭᠤᠯᠵᠤ ᠴᠢᠩ ᠤᠨ ᠬᠤᠱᠤᠢ ᠬᠢᠴᠢᠶᠡᠩᠬᠦᠢ ᠠᠮᠤᠷ ᠭᠦᠩᠵᠦ ᠶᠢᠨ ᠣᠷᠳᠣᠨ ᠤ ᠮᠦᠽᠧᠢ᠂ ᠭᠦᠩᠵᠦ ᠶᠢᠨ ᠣᠷᠳᠣᠨ ᠤ ᠴᠡᠴᠡᠷᠯᠢᠭ ᠲᠤ ︽ᠠᠩᠬᠢᠯᠤᠮ᠎ᠠ ᠦᠨᠦᠷ ᠢ ᠬᠠᠮᠲᠤᠪᠠᠷ ᠡᠳ᠋ᠯᠡᠵᠦ ᠰᠠᠶᠢᠨ ᠰᠠᠶᠢᠬᠠᠨ ᠢ ᠬᠠᠮᠲᠤᠪᠠᠷ ᠴᠣᠭᠴᠠᠯᠠᠶ᠎ᠠ︾ — ᠵᠡᠮᠳᠡᠭᠴᠦᠳ ᠤᠨ ᠰᠣᠶᠣᠯ ᠢ ᠭᠡᠷ ᠪᠦᠯᠢ ᠳᠤ ᠣᠷᠣᠭᠤᠯᠬᠤ ︽ᠲᠠᠪᠤᠨ ᠨᠢᠭᠡ︾ ᠶᠢᠨ ᠭᠤᠣᠯ ᠰᠡᠳᠦᠪᠲᠦ ᠠᠵᠢᠯᠯᠠᠭ᠎ᠠ ᠦᠷᠨᠢᠭᠦᠯᠪᠡ᠃
     ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ᠂ ᠣᠯᠠᠨ ᠢᠶᠠᠷ ᠢᠶᠠᠨ ᠡᠨᠡ ᠬᠦ ᠤᠯᠠᠮᠵᠢᠯᠠᠯᠲᠤ ᠣᠷᠳᠣᠨ ᠤ ᠪᠠᠷᠢᠯᠭ᠎ᠠ ᠨᠤᠭᠤᠳ ᠢ ᠲᠣᠭᠤᠷᠢᠨ ᠦᠵᠡᠵᠦ᠂ ᠣᠶᠢᠷ᠎ᠠ ᠠᠴᠠ ᠴᠢᠩ ᠤᠯᠤᠰ ᠤᠨ ᠦᠶ᠎ᠡ ᠶᠢᠨ ᠮᠠᠨᠵᠤ ᠮᠣᠩᠭᠤᠯ ᠤᠨ ᠤᠷᠤᠭ ᠤᠨ ᠲᠡᠦᠬᠡ ᠰᠣᠶᠣᠯ ᠤᠨ ᠳᠤᠷᠠᠰᠬᠠᠯᠲᠤ ᠵᠦᠢᠯ ᠪᠠ ᠬᠥᠰᠢᠶᠡᠨ ᠤ ᠰᠡᠶᠢᠯᠦᠮᠡᠯ ᠤᠨ ᠰᠤᠷᠪᠤᠯᠵᠢ ᠪᠢᠴᠢᠭ ᠮᠠᠲ᠋ᠧᠷᠢᠶᠠᠯ ᠢ ᠦᠵᠡᠵᠦ᠂ ᠭᠦᠩᠵᠦ ᠶᠢᠨ ᠣᠷᠳᠣᠨ ᠤ ᠮᠦᠽᠧᠶ ᠶᠢᠨ ᠲᠦᠢᠮᠣ ᠪᠠᠶᠢᠳᠠᠯ ᠵᠢᠴᠢ ᠡᠩᠬᠡ ᠠᠮᠤᠭᠤᠯᠠᠩ ᠤᠨ ᠬᠠᠭᠠᠨ ᠤ ᠵᠢᠷᠭᠤᠳᠤᠭᠠᠷ ᠥᠬᠢᠨ ᠬᠦᠯᠦ᠋ᠨ ᠭᠦᠩᠵᠦ ᠶᠢᠨ ᠨᠢᠭᠡ ᠨᠠᠰᠤᠨ ᠤ ᠠᠮᠢᠳᠤᠷᠠᠯ ᠢ ᠰᠢᠭᠤᠳ ᠣᠶᠢᠯᠠᠭᠠᠵᠤ᠂ ᠬᠦᠯᠦ᠋ᠨ ᠭᠦᠩᠵᠦ ᠶᠢᠨ ᠦᠨᠳᠦᠰᠦᠲᠡᠨ ᠤ ᠪᠦᠯᠬᠦᠮᠳᠡᠯ ᠢ ᠪᠠᠲᠤᠳᠬᠠᠵᠤ᠂ ᠤᠯᠤᠰ ᠤᠨ ᠨᠢᠭᠡᠳᠦᠯ ᠢ ᠬᠠᠮᠠᠭᠠᠯᠠᠭᠰᠠᠨ ᠲᠡᠦᠬᠡ ᠶᠢᠨ ᠦᠯᠢᠭᠡᠷ ᠢ ᠤᠢᠢᠯᠠᠭᠠᠨ ᠰᠣᠨᠣᠰᠴᠠᠢ ᠁ ᠴᠠᠭ ᠬᠤᠭᠤᠴᠠᠭ᠎ᠠ ᠣᠷᠣᠨ ᠵᠠᠢ ᠶᠢᠨ ᠰᠦᠯᠵᠢᠯᠳᠦᠭᠰᠡᠨ ᠮᠠᠶ᠋ᠢᠭ ᠤᠨ ᠣᠶᠢᠯᠠᠭᠠᠯᠲᠠ ᠨᠢ ᠲᠤᠬᠠᠢ ᠶᠢᠨ ᠲᠠᠯᠠᠪᠤᠷ ᠲᠤ ᠪᠠᠶᠢᠭ᠎ᠠ ᠬᠥᠮᠦᠰ ᠢ ᠲᠣᠭᠤᠷᠢᠨ ᠦᠵᠡᠬᠦ ᠳᠤᠮᠳᠠ ᠰᠤᠷᠤᠯᠴᠠᠭᠤᠯᠵᠤ᠂ ᠲᠡᠦᠬᠡ ᠶᠢᠨ ᠳᠤᠮᠳᠠ ᠠᠴᠠ ᠣᠶᠢᠯᠠᠭᠠᠭᠤᠯᠵᠤ᠂ ᠵᠡᠮᠳᠡᠭᠴᠦᠳ ᠤᠨ ᠦᠨᠳᠦᠰᠦᠲᠡᠨ ᠤ ᠠᠭᠤᠰᠤᠯᠴᠠᠯ ᠪᠣᠯᠤᠨ ᠤᠮᠠᠷᠠᠲᠤ ᠬᠢᠯᠢ ᠶᠢᠨ ᠰᠣᠶᠣᠯ ᠢ ᠮᠡᠳᠡᠷᠡᠬᠦ ᠰᠡᠳᠬᠢᠯᠭᠡ ᠪᠣᠯᠤᠨ ᠬᠠᠷᠢᠶᠠᠯᠠᠭᠳᠠᠬᠤ ᠰᠡᠳᠬᠢᠯᠭᠡ ᠶᠢ ᠤᠯᠠᠮ ᠴᠢᠨᠠᠭᠰᠢᠳᠠ ᠨᠡᠮᠡᠭᠳᠡᠭᠦᠯᠵᠡᠢ᠃
     ᠲᠤᠰ ᠤᠳᠠᠭ᠎ᠠ ᠶᠢᠨ ᠰᠣᠶᠣᠯ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠨ᠂ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠵᠡᠮᠳᠡᠭᠴᠦᠳ ᠤᠨ ᠰᠣᠶᠣᠯ ᠤᠨ ᠠᠵᠢᠯᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠣᠶᠢᠯᠠᠭᠠᠵᠤ᠂ ᠵᠡᠮᠳᠡᠭᠴᠦᠳ ᠢ ᠬᠠᠪᠰᠤᠷᠤᠨ ᠭᠡᠷ ᠠᠴᠠ ᠨᠢ ᠭᠠᠷᠭᠠᠵᠤ᠂ ᠵᠡᠮᠳᠡᠭᠴᠦᠳ ᠤᠨ ᠰᠣᠶᠣᠯ ᠤᠨ ᠠᠵᠢᠯᠯᠠᠭ᠎ᠠ ᠳᠤ ᠣᠷᠣᠯᠴᠠᠬᠤ᠂ ᠨᠡᠶᠢᠭᠡᠮ ᠳᠤ ᠠᠭᠤᠰᠤᠯᠴᠠᠬᠤ ᠶᠢ ᠵᠣᠷᠢᠭᠵᠢᠭᠤᠯᠵᠤ᠂ ᠵᠡᠮᠳᠡᠭᠴᠦᠳ ᠤᠨ ᠤᠶᠤᠨ ᠤ ᠰᠣᠶᠣᠯ ᠤᠨ ᠠᠮᠢᠳᠤᠷᠠᠯ ᠢ ᠨᠡᠩ ᠴᠢᠨᠠᠷ ᠴᠢᠨᠰᠠᠭ᠎ᠠ ᠲᠠᠢ ᠪᠣᠯᠭᠠᠵᠤ᠂ ᠵᠡᠮᠳᠡᠭᠴᠦᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠵᠡᠮᠳᠡᠭᠴᠦᠳ ᠤᠨ ᠵᠢᠷᠭᠠᠵᠤ ᠴᠡᠩᠭᠡᠬᠦ ᠶᠢ ᠠᠬᠢᠭᠤᠯᠪᠠ᠃      ᠳᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠵᠡᠮᠳᠡᠭᠴᠦᠳ ᠤᠨ ᠰᠣᠶᠣᠯ ᠤᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠡᠮᠳᠡᠭᠴᠦᠳ ᠤᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠡᠩᠴᠡᠭᠦᠷᠢ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠵᠡᠮᠳᠡᠭᠴᠦᠳ ᠤᠨ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠡᠳ᠋ᠯᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠰᠣᠶᠣᠯ ᠤᠨ ᠠᠵᠢᠯᠯᠠᠭ᠎ᠠ ᠶᠢ ᠵᠡᠮᠳᠡᠭᠴᠦᠳ ᠤᠨ ᠡᠳᠦᠷ ᠳᠤᠳᠤᠮ ᠤᠨ ᠠᠮᠢᠳᠤᠷᠠᠯ ᠤᠨ ᠴᠢᠬᠤᠯᠠ ᠠᠭᠤᠯᠭ᠎ᠠ ᠪᠣᠯᠭᠠᠵᠤ᠂ ᠵᠡᠮᠳᠡᠭᠴᠦᠳ ᠲᠤ ᠦᠨᠡᠨᠬᠦ ᠰᠣᠶᠣᠯ ᠤᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠵᠦ᠂ ᠰᠣᠶᠣᠯ ᠤᠨ ᠢᠲᠡᠭᠡᠯ ᠢ ᠨᠢ ᠢᠯᠡᠷᠡᠭᠦᠯᠵᠦ᠂ ᠲᠠᠩᠰᠤᠭ ᠰᠠᠶᠢᠬᠠᠨ ᠠᠮᠢᠳᠤᠷᠠᠯ ᠢ ᠨᠢ ᠲᠡᠭᠦᠯᠳᠡᠷᠵᠢᠭᠦᠯᠬᠦ ᠬᠡᠷᠡᠭᠲᠡᠢ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号