ᠢᠦᠶ ᠴᠢᠤᠸᠠᠨ ᠲᠣᠭᠤᠷᠢᠭ ᠰᠢᠨᠵᠢᠯᠡᠬᠦ ᠤᠬᠠᠭᠠᠨᠴᠢ ᠪᠠᠷ ᠳᠠᠷᠢᠵᠤ ᠲᠡᠵᠢᠭᠡᠨ ᠦᠷᠡᠵᠢᠭᠦᠯᠬᠦ ᠶᠢ ᠴᠡᠷᠢᠭ ᠤᠨ ᠬᠤᠸᠠᠷᠠᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/16
     ᠴᠡᠷᠢᠭ ᠤᠨ ᠬᠤᠸᠠᠷᠠᠨ ᠤ ᠬᠠᠪᠤᠷ ᠤᠨ ᠲᠠᠷᠢᠶᠠᠯᠠᠭ᠎ᠠ ᠳᠤ ᠬᠦᠴᠦ ᠨᠡᠮᠡᠷᠢᠯᠡᠵᠦ᠂ ᠢᠦᠶ ᠴᠢᠤᠸᠠᠨ ᠲᠣᠭᠤᠷᠢᠭ ᠤᠨ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠴᠡᠷᠢᠭ ᠠᠩᠭᠢ ᠪᠠ ᠣᠷᠣᠨ ᠨᠤᠲᠤᠭ ᠬᠠᠷᠢᠯᠴᠠᠨ ᠪᠣᠳᠠᠲᠤ ᠶᠠᠪᠤᠳᠠᠯ ᠬᠢᠬᠦ ︽ᠬᠤᠣᠰ ᠨᠠᠷᠢᠨ ᠳᠠᠩᠰᠠ︾ ᠶᠢᠨ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠲᠦᠯᠦᠭᠡ᠂ ᠤᠢᠢᠷ᠎ᠠ ᠳᠤ᠂ ᠢᠦᠢ ᠴᠢᠤᠸᠠᠨ ᠲᠣᠭᠤᠷᠢᠭ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠤᠪᠴᠢᠶ᠎ᠠ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠤᠪᠴᠢᠶ᠎ᠠ᠂ ᠲᠣᠭᠤᠷᠢᠭ ᠤᠨ ᠬᠤᠶᠠᠷ ᠢ ᠬᠦᠷᠢᠶᠡᠯᠡᠬᠦ ᠠᠯᠪᠠᠨ ᠭᠡᠷ ᠲᠠᠢ ᠬᠠᠮᠲᠤᠷᠠᠨ ᠮᠠᠯᠴᠢᠨ ᠲᠠᠷᠢᠶᠠᠴᠢᠨ ᠤ ᠣᠨᠴᠠ ᠲᠣᠮᠢᠯᠠᠭᠳᠠᠭᠰᠠᠳ ᠢ ᠳᠠᠭᠠᠭᠤᠯᠤᠨ ᠲᠣᠭᠤᠷᠢᠭ ᠲᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠳᠤ ᠬᠦᠷᠴᠦ ᠲᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ ᠤᠨ ᠵᠢᠯᠤᠭᠤᠳᠤᠯᠭ᠎ᠠ ᠶᠢᠨ ᠦᠢᠯᠡᠴᠢᠯᠡᠭᠡ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠡᠷᠢᠭ ᠢᠶᠠᠨ ᠬᠦᠴᠦᠷᠬᠡᠭᠵᠢᠭᠦᠯᠬᠦ ᠳᠤ ᠬᠦᠴᠦ ᠨᠡᠮᠡᠷᠢᠯᠡᠵᠦ᠂ ᠴᠡᠷᠢᠭ ᠤᠨ ᠬᠤᠸᠠᠷᠠᠨ ᠤ ᠥᠪᠡᠷ ᠤᠨ ᠬᠡᠷᠡᠭᠴᠡᠭᠡ ᠪᠠᠨ ᠥᠪᠡᠷ ᠢᠶᠠᠨ ᠬᠠᠩᠭᠠᠬᠤ ᠶᠢ ᠦᠨᠡᠨᠬᠦ ᠳᠡᠭᠡᠭᠰᠢᠯᠡᠭᠦᠯᠵᠡᠢ᠃
     ᠠᠵᠢᠯᠯᠠᠭ᠎ᠠ ᠶᠢᠨ ᠳᠤᠮᠳᠠ᠂ ᠲᠠᠷᠢᠮᠠᠯ ᠤᠨ ᠣᠨᠴᠠ ᠲᠣᠮᠢᠯᠠᠭᠳᠠᠭᠰᠠᠳ ᠴᠡᠷᠢᠭ ᠠᠩᠭᠢ ᠶᠢᠨ ᠢᠳᠡᠰᠢᠨ ᠨᠣᠭᠤᠭ᠎ᠠ ᠶᠢᠨ ᠬᠦᠯᠡᠮᠵᠢ ᠶᠢᠨ ᠳᠣᠲᠣᠭᠠᠳᠤ ᠪᠠᠶᠢᠳᠠᠯ᠂ ᠡᠷᠬᠢᠨ ᠲᠣᠭᠤᠷᠢᠨ ᠤ ᠣᠷᠴᠢᠨ ᠲᠣᠭᠤᠷᠢᠨ ᠵᠢᠴᠢ ᠢᠳᠡᠰᠢᠨ ᠨᠣᠭᠤᠭ᠎ᠠ ᠶᠢᠨ ᠴᠢᠬᠢ ᠶᠢᠨ ᠪᠤᠶᠢᠵᠢᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠴᠡᠷᠢᠭ ᠠᠩᠭᠢ ᠶᠢᠨ ᠬᠠᠷᠢᠭᠤᠴᠠᠯᠭᠠᠲᠠᠨ ᠲᠠᠢ ᠮᠡᠷᠭᠡᠵᠢᠯ ᠤᠨ ᠰᠣᠯᠢᠯᠴᠠᠭ᠎ᠠ ᠶᠢ ᠭᠦᠨᠵᠡᠭᠡᠶ ᠥᠷᠨᠢᠭᠦᠯᠦᠭᠰᠡᠨ ᠤ ᠬᠠᠮᠲᠤ᠂ ᠤᠯᠤᠰ ᠤᠨ ᠬᠠᠮᠤᠭ ᠤᠨ ᠰᠢᠨ᠎ᠡ ᠰᠢᠨᠵᠢᠯᠡᠬᠦ ᠤᠬᠠᠭᠠᠨᠴᠢ ᠪᠠᠷ ᠳᠠᠷᠢᠵᠤ ᠪᠤᠶᠢᠵᠢᠭᠤᠯᠬᠤ ᠮᠡᠷᠭᠡᠵᠢᠯ᠂ ᠳᠤᠯᠠᠭᠠᠨ ᠤ ᠬᠡᠮᠵᠢᠶ᠎ᠡ ᠶᠢᠨ ᠬᠠᠮᠢᠶᠠᠷᠤᠯᠲᠠ᠂ ᠤᠰᠤᠯᠠᠬᠤ ᠤᠰᠤᠯᠠᠯᠲᠠ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠮᠡᠳᠡᠯᠭᠡ ᠶᠢ ᠳᠠᠷᠤᠭ᠎ᠠ ᠪᠠᠶᠢᠯᠳᠤᠭᠴᠢᠳ ᠲᠤ ᠨᠠᠷᠢᠨ ᠨᠢᠭᠲᠠ ᠵᠢᠭᠠᠨ ᠵᠢᠯᠣᠭᠤᠳᠪᠠ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠳᠠᠷᠤᠭ᠎ᠠ ᠪᠠᠶᠢᠯᠳᠤᠭᠴᠢᠳ ᠨᠠᠷᠢᠨ ᠬᠢᠨᠠᠮᠠᠭᠠᠢ ᠶᠠᠷᠢᠬᠤ ᠶᠢ ᠰᠣᠨᠣᠰᠴᠤ᠂ ᠰᠠᠨᠠᠭᠠᠴᠢᠯᠠᠭ᠎ᠠ ᠠᠴᠠ ᠪᠠᠨ ᠠᠰᠠᠭᠤᠯᠲᠠ ᠠᠰᠠᠭᠤᠵᠤ᠂ ᠬᠠᠮᠲᠤ ᠪᠠᠷ ᠰᠢᠨᠵᠢᠯᠡᠨ ᠰᠤᠳᠤᠯᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠥᠭᠵᠢᠶᠡᠨᠲᠡᠢ ᠪᠠᠶᠢᠵᠤ᠂ ᠮᠠᠯ ᠠᠵᠤ ᠠᠬᠤᠢ ᠲᠠᠷᠢᠶᠠᠯᠠᠩ ᠤᠨ ᠣᠨᠴᠠ ᠲᠣᠮᠢᠯᠠᠭᠳᠠᠭᠰᠠᠳ ᠤᠨ ᠨᠠᠷᠢᠨ ᠲᠠᠶᠢᠯᠪᠤᠷᠢᠯᠠᠯᠲᠠ ᠪᠠ ᠭᠦᠨᠵᠡᠭᠡᠢ ᠰᠣᠯᠢᠯᠴᠠᠭ᠎ᠠ ᠪᠠᠷ ᠳᠠᠮᠵᠢᠨ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠤᠨ ᠰᠢᠨᠵᠢᠯᠡᠬᠦ ᠤᠬᠠᠭᠠᠨᠴᠢ ᠪᠠᠷ ᠲᠠᠷᠢᠬᠤ᠂ ᠲᠡᠵᠢᠭᠡᠨ ᠦᠷᠡᠵᠢᠭᠦᠯᠬᠦ ᠬᠢᠷᠢ ᠲᠦᠪᠰᠢᠨ ᠪᠠ ᠢᠳᠡᠪᠬᠢᠵᠢᠯ ᠢ ᠦᠨᠡᠨᠬᠦ ᠳᠡᠭᠡᠭᠰᠢᠯᠡᠭᠦᠯᠵᠦ᠂ ᠴᠡᠷᠢᠭ ᠤᠨ ᠬᠤᠸᠠᠷᠠᠨ ᠤ ᠲᠠᠷᠢᠵᠦ ᠲᠡᠵᠢᠭᠡᠨ ᠦᠷᠡᠵᠢᠭᠦᠯᠬᠦ ᠭᠠᠷᠤᠯᠲᠠ ᠶᠢᠨ ᠬᠡᠮᠵᠢᠶ᠎ᠡ ᠳᠤ ᠢᠳᠡᠪᠬᠢᠲᠡᠢ ᠪᠥᠭᠡᠳ ᠬᠦᠴᠦᠲᠡᠢ ᠬᠠᠪᠰᠤᠷᠤᠯᠭ᠎ᠠ ᠦᠵᠡᠭᠦᠯᠵᠡᠢ᠃      ᠲᠣᠰ ᠤᠳᠠᠭᠠᠨ ᠤ ᠰᠢᠨᠵᠢᠯᠡᠬᠦ ᠤᠬᠠᠭᠠᠨᠴᠢ ᠪᠠᠷ ᠳᠠᠷᠢᠬᠤ᠂ ᠲᠡᠵᠢᠭᠡᠨ ᠦᠷᠡᠵᠢᠭᠦᠯᠬᠦ ᠶᠢ ᠴᠡᠷᠢᠭ ᠤᠨ ᠬᠤᠸᠠᠷᠠᠨ ᠳᠤ ᠣᠷᠣᠭᠤᠯᠬᠤ ᠠᠵᠢᠯᠯᠠᠭ᠎ᠠ ᠨᠢ ᠢᠦᠶ ᠴᠢᠤᠸᠠᠨ ᠲᠣᠭᠤᠷᠢᠭ ᠤᠨ ᠬᠤᠶᠠᠷ ᠢ ᠬᠦᠷᠢᠶᠡᠯᠡᠨ ᠬᠠᠮᠲᠤ ᠪᠠᠷ ᠪᠠᠶᠢᠭᠤᠯᠬᠤ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠤᠪᠴᠢᠶ᠎ᠠ᠂ ᠲᠣᠭᠤᠷᠢᠭ ᠤᠨ ᠬᠤᠶᠠᠷ ᠢ ᠬᠦᠷᠢᠶᠡᠯᠡᠬᠦ ᠠᠯᠪᠠᠨ ᠭᠡᠷ ᠴᠡᠷᠢᠭ ᠠᠩᠬᠢ ᠪᠠ ᠣᠷᠣᠨ ᠨᠤᠲᠤᠭ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠴᠡᠷᠢᠭ ᠠᠩᠬᠢ ᠪᠠ ᠣᠷᠣᠨ ᠨᠤᠲᠤᠭ ᠤᠨ ᠤᠯᠤᠯᠴᠠᠭ᠎ᠠ ᠰᠣᠯᠢᠯᠴᠠᠭ᠎ᠠ ᠶᠢ ᠴᠢᠩᠭᠠᠳᠬᠠᠵᠤ᠂ ᠬᠤᠶᠠᠷ ᠢ ᠬᠦᠷᠢᠶᠡᠯᠡᠬᠦ  ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠤᠭᠤᠷᠢᠭ ᠲᠤ ᠰᠠᠭᠤᠭ᠎ᠠ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠲᠤ ᠨᠡᠩ ᠰᠢᠯᠢᠳᠡᠭ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠦᠨᠳᠦᠷᠴᠡ ᠳᠤ ᠬᠦᠷᠬᠦ ᠶᠢ ᠲᠠᠰᠤᠷᠠᠯᠲᠠ ᠦᠭᠡᠢ ᠠᠬᠢᠭᠤᠯᠬᠤ ᠪᠣᠯᠤᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ        
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号