ᠴᠠᠭᠠᠰᠤᠨ ᠰᠢᠪᠠᠭᠤ ᠣᠭᠲᠠᠷᠭᠤᠶ ᠳᠤ ᠪᠦᠵᠢᠭᠯᠡᠨ᠎ᠡ
ᠨᠡᠶᠢᠲᠡᠯᠡᠭᠰᠡᠨ ᠴᠠᠭ᠄
2024/4/16
      2024 ᠣᠨ ᠤ 4 ᠳ᠋ᠤᠭᠡᠷ ᠰᠠᠷ᠎ᠠ ᠶᠢᠨ 13 ᠤ ᠡᠳᠦᠷ᠂ 2024 ᠣᠨ ᠤ ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠥᠬᠦᠷᠰᠡᠭ ᠬᠤᠲᠠ ᠶᠢᠨ ᠴᠠᠭᠠᠰᠤᠨ ᠰᠢᠪᠠᠭᠤᠨ ᠤ ᠤᠷᠢᠯᠭ᠎ᠠ ᠶᠢᠨ ᠤᠷᠤᠯᠳᠤᠭᠠᠨ ᠮᠣᠩᠭᠤᠯ ᠤᠨ ᠵᠠᠩ ᠦᠢᠯᠡ ᠶᠢᠨ ᠬᠦᠷᠢᠶᠡᠯᠡᠩ ᠳᠤ ᠡᠬᠢᠯᠡᠪᠡ᠃ ᠲᠤᠰ ᠤᠳᠠᠭ᠎ᠠ ᠶᠢᠨ ᠤᠷᠤᠯᠳᠤᠭᠠᠨ 2 ᠡᠳᠦᠷ ᠶᠠᠪᠤᠭᠳᠠᠵᠤ᠂ ᠪᠡᠭᠡᠵᠢᠩ᠂ ᠱᠧᠨᠶᠠᠩ᠂ ᠱᠠᠨ ᠰᠢ᠂ ᠥᠪᠥᠷ ᠮᠣᠩᠭᠤᠯ ᠵᠡᠷᠭᠡ 15 ᠲᠤᠰᠬᠠᠢ ᠮᠡᠷᠭᠡᠵᠢᠯ ᠤᠨ ᠪᠦᠯᠬᠦᠮ ᠤᠨ ᠨᠢᠰᠬᠡᠭᠴᠢ ᠭᠠᠷᠮᠠᠭᠠᠢ ᠲᠠᠮᠢᠷᠴᠢᠨ ᠲᠤᠰ ᠲᠤᠰ ᠤᠨ ᠴᠢᠳᠠᠪᠤᠷᠢ ᠪᠠᠨ ᠭᠠᠶᠢᠬᠠᠭᠤᠯᠵᠤ᠂ ᠲᠤᠮᠤ ᠬᠡᠯᠪᠡᠷᠢ ᠶᠢᠨ ᠵᠥᠭᠡᠯᠡᠨ ᠪᠡᠶᠡᠲᠦ ᠴᠠᠭᠠᠰᠤᠨ ᠰᠢᠪᠠᠭᠤ᠂ ᠣᠨᠴᠠ ᠮᠡᠷᠭᠡᠵᠢᠯ ᠤᠨ ᠴᠠᠭᠠᠰᠤᠨ ᠰᠢᠪᠠᠭᠤ᠂ ᠰᠥᠨᠢ ᠶᠢᠨ ᠭᠡᠷᠡᠯᠲᠦ ᠴᠠᠭᠠᠰᠤᠨ ᠰᠢᠪᠠᠭᠤ ᠵᠡᠷᠭᠡ ᠡᠯ᠎ᠡ ᠵᠦᠢᠯ ᠤᠨ ᠴᠠᠭᠠᠰᠤᠨ ᠰᠢᠪᠠᠭᠤ ᠣᠭᠲᠠᠷᠭᠤᠢ ᠳᠤ ᠦᠩᠬᠡ ᠪᠤᠯᠢᠶᠠᠯᠳᠤᠵᠤ᠂ ᠦᠵᠡᠭᠴᠢᠳ ᠤᠨ ᠬᠠᠷᠠᠭ᠎ᠠ ᠶᠢ ᠶᠡᠭᠡ ᠪᠠᠷ ᠨᠡᠭᠡᠭᠡᠵᠡᠢ᠃ ︵ᠰᠡᠭᠦᠳᠡᠷᠯᠡᠭᠴᠢ᠄ ᠳ᠋ᠢᠩ ᠭᠧᠨ ᠾᠸᠦ︶
            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号