ᠪᠠᠭ᠎ᠠ ᠲᠦᠷᠭᠡᠨ ᠭᠤᠤᠯ ᠪᠠᠯᠭᠠᠰᠤ ᠶᠢᠨ ᠬᠢᠨ ︽ᠰᠠᠭᠤᠷᠢ ᠶᠢ ᠪᠠᠬᠢᠵᠢᠭᠦᠯᠬᠦ ᠢᠨᠵᠧᠨᠧᠷᠢᠩ — ᠤᠳᠬ᠎ᠠ ᠤᠷᠠᠯᠢᠭ ᠢᠶᠠᠷ ᠦᠨᠳᠦᠰᠦᠨ ᠱᠠᠲᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯᠯᠠᠭ᠎ᠠ ᠶᠢ ᠳᠡᠮᠵᠢᠬᠦ︾ ᠲᠥᠪᠯᠡᠷᠡᠩᠭᠦᠶ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/17
     ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠤ᠂ ︽ᠰᠠᠭᠤᠷᠢ ᠶᠢ ᠪᠠᠬᠢᠵᠢᠭᠦᠯᠬᠦ ᠢᠨᠵᠧᠨᠧᠷᠢᠩ — ᠤᠳᠬ᠎ᠠ ᠤᠷᠠᠯᠢᠭ ᠢᠶᠠᠷ ᠦᠨᠳᠦᠰᠦᠨ ᠱᠠᠲᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯᠯᠠᠭ᠎ᠠ ᠶᠢ ᠳᠡᠮᠵᠢᠬᠦ︾ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠬᠠᠷᠢᠶ᠎ᠠ ᠣᠷᠣᠨ ᠤ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠦᠯᠦᠭᠡ᠂ ᠢᠦᠢ ᠴᠢᠤᠸᠠᠨ ᠲᠣᠭᠤᠷᠢᠭ ᠤᠨ ᠪᠠᠭ᠎ᠠ ᠲᠦᠷᠭᠡᠨ ᠭᠤᠤᠯ ᠪᠠᠯᠭᠠᠰᠤ ᠶᠢᠨ ᠬᠢᠨ ᠤᠢᠢᠷ᠎ᠠ ᠶᠢᠨ ᠡᠳᠦᠷ ᠲᠠᠯᠠᠢ ᠯᠠᠮᠠ ᠠᠶᠢᠯ ᠲᠣᠰᠬᠤᠨ ᠤ ᠰᠣᠶᠣᠯ ᠤᠨ ᠬᠦᠷᠢᠶᠡᠨ ᠳᠤ ︽ᠰᠠᠭᠤᠷᠢ ᠶᠢ ᠪᠠᠬᠢᠵᠢᠭᠦᠯᠬᠦ ᠢᠨᠵᠧᠨᠧᠷᠢᠩ︾ ᠤᠨ ᠳᠠᠭᠤᠯᠠᠬᠤ ᠤᠷ᠎ᠠ ᠴᠢᠳᠠᠪᠤᠷᠢ ᠶᠢᠨ ᠲᠥᠪᠯᠡᠷᠡᠭᠦᠯᠦᠨ ᠪᠣᠯᠪᠠᠰᠤᠷᠠᠭᠤᠯᠬᠤ ᠬᠤᠷᠠᠯ ᠥᠷᠨᠢᠭᠦᠯᠵᠡᠢ᠃
     ᠪᠣᠯᠪᠠᠰᠤᠷᠠᠯ ᠤᠨ ᠬᠤᠷᠠᠯ ᠤᠨ ᠲᠤᠬᠠᠢ ᠶᠢᠨ ᠲᠠᠯᠠᠪᠠᠢ ᠳᠤ᠂ ᠢᠦᠢ ᠴᠢᠤᠸᠠᠨ ᠲᠣᠭᠤᠷᠢᠭ ᠤᠨ ᠤᠯᠠᠭᠠᠨᠮᠥ᠋ᠴᠢᠷ ᠤᠨ ᠭᠡᠰᠢᠭᠦᠳ ᠲᠠᠯᠠᠢ ᠯᠠᠮᠠ ᠠᠶᠢᠯ ᠲᠣᠰᠬᠤᠨ ᠤ ᠲᠣᠭᠯᠠᠯᠲᠠ ᠶᠢᠨ ᠪᠦᠯᠬᠦᠮ ᠵᠢᠴᠢ ᠤᠢᠢᠷ᠎ᠠ ᠬᠠᠪᠢ ᠶᠢᠨ ᠡᠯ᠎ᠡ ᠲᠣᠰᠬᠤᠨ ᠤ ᠳᠠᠭᠤᠯᠠᠬᠤ ᠤᠷᠠᠯᠢᠭ ᠲᠤ ᠳᠤᠷᠠᠲᠠᠢ ᠲᠣᠰᠬᠤᠨ ᠤ ᠠᠷᠠᠳ ᠲᠤ ᠨᠠᠶᠢᠷᠠᠯ ᠳᠠᠭᠤᠤ ᠶᠢᠨ ᠤᠷ᠎ᠠ ᠮᠡᠷᠭᠡᠵᠢᠯ ᠤᠨ ᠪᠣᠯᠪᠠᠰᠤᠷᠠᠯ ᠬᠦᠷᠲᠡᠭᠡᠵᠡᠢ᠃ ᠵᠢᠭᠠᠨ ᠵᠢᠯᠣᠭᠤᠳᠬᠤ ᠶᠢ ᠬᠠᠷᠢᠭᠤᠴᠠᠵᠤ ᠪᠠᠶᠢᠭ᠎ᠠ ᠤᠯᠠᠭᠠᠨᠮᠥ᠋ᠴᠢᠷ ᠤᠨ ᠪᠦᠷᠢᠯᠳᠦᠬᠦᠨ ᠨᠡᠷ ᠡᠯᠧᠺᠲᠷᠣᠨ ᠤᠷᠭᠠᠨ ᠳᠤ ᠲᠦᠰᠢᠭᠯᠡᠨ ᠲᠣᠰᠬᠤᠨ ᠤ ᠠᠷᠠᠳ ᠢ ᠵᠢᠯᠣᠭᠤᠳᠤᠨ ᠦᠨᠳᠦᠰᠦᠨ ᠲᠠᠭᠤᠨ ᠤ ᠠᠶᠠᠰ᠂ ᠠᠮᠢᠰᠬᠤᠯ ᠵᠡᠷᠭᠡ ᠠᠴᠠ ᠡᠬᠢᠯᠡᠨ ᠪᠣᠯᠪᠠᠰᠤᠷᠠᠭᠤᠯᠵᠤ᠂ ᠠᠳᠠᠯᠢ ᠪᠤᠰᠤ ᠲᠠᠭᠤᠨ ᠤ ᠠᠶᠢᠮᠠᠭ ᠤᠨ ᠲᠠᠭᠤᠨ ᠤ ᠤᠷ᠎ᠠ ᠮᠡᠷᠭᠡᠵᠢᠯ ᠢ ᠡᠵᠡᠮᠰᠢᠭᠦᠯᠵᠦ᠂ ᠭᠤᠴᠣᠯᠠᠯ ᠳᠠᠭᠤᠤ ᠠᠴᠠ ᠨᠠᠶᠢᠷᠠᠯ ᠳᠠᠭᠤᠤ ᠶᠢᠨ ᠷᠢᠳᠢ ᠰᠢᠳᠢ ᠶᠢ ᠮᠡᠳᠡᠷᠡᠭᠦᠯᠪᠡ᠃
     ᠲᠠᠷᠠᠭ᠎ᠠ ᠨᠢ᠂ ᠵᠢᠯᠤᠭᠤᠳᠤᠭᠴᠢ ᠪᠠᠭᠰᠢ ᠠᠴᠠ ᠤᠯᠠᠨ ᠢ ᠤᠷᠢᠵᠤ ᠬᠠᠮᠲᠤ ᠪᠠᠷ ︽ᠮᠢᠨᠦ ᠡᠭᠡ ᠤᠯᠤᠰ︾ ᠭᠡᠬᠦ ᠨᠠᠶᠢᠷᠠᠯ ᠳᠠᠭᠤᠤ ᠶᠢ ᠳᠠᠭᠤᠯᠠᠬᠤ ᠶᠢᠨ ᠬᠠᠮᠲᠤ ᠨᠠᠶᠢᠷᠠᠯ ᠳᠠᠭᠤᠤ ᠶᠢᠨ ᠶᠠᠪᠤᠴᠠ ᠳᠤ ᠤᠯᠠᠨ ᠢ ᠵᠢᠭᠠᠨ ᠵᠢᠯᠣᠭᠤᠳᠴᠤ ᠨᠡᠩ ᠰᠢᠨᠵᠢᠯᠡᠬᠦ ᠤᠬᠠᠭᠠᠨᠴᠢ ᠠᠷᠭ᠎ᠠ ᠪᠠᠷ ᠲᠠᠭᠤ ᠭᠠᠷᠭᠠᠯᠭᠠᠪᠠ᠃ ᠪᠣᠯᠪᠠᠰᠤᠷᠠᠯ ᠤᠨ ᠭᠦᠨᠵᠡᠭᠡᠶᠢᠷᠡᠬᠦ ᠶᠢ ᠳᠠᠭᠠᠯᠳᠤᠨ᠂ ᠲᠣᠰᠬᠤᠨ ᠤ ᠠᠷᠠᠳ ᠤᠯᠠᠮ ᠠᠴᠠ ᠤᠯᠠᠮ ᠰᠡᠳᠬᠢᠯ ᠰᠠᠨᠠᠭ᠎ᠠ ᠪᠠᠨ ᠣᠯᠣᠯᠴᠠᠵᠤ᠂ ᠨᠠᠶᠢᠷᠠᠯ ᠳᠠᠭᠤᠤ ᠶᠢᠨ ᠦᠡᠭᠭᠡ ᠴᠦ ᠤᠯᠠᠮ ᠠᠴᠠ ᠤᠯᠠᠮ ᠭᠤᠶᠢᠳᠠ ᠰᠠᠶᠢᠬᠠᠨ ᠪᠣᠯᠪᠠ᠃      ᠪᠣᠯᠪᠠᠰᠤᠷᠠᠯ ᠲᠡᠭᠦᠰᠦᠭᠰᠡᠨ ᠤ ᠳᠠᠷᠠᠭ᠎ᠠ᠂ ᠲᠤᠰᠬᠠᠶ ᠮᠡᠷᠭᠡᠵᠢᠯ ᠤᠨ ᠪᠠᠭᠰᠢ ᠶᠢᠨ ᠵᠢᠯᠣᠭᠤᠳᠣᠯᠭ᠎ᠠ ᠪᠠᠷ ᠳᠡᠮᠵᠢᠨ ᠮᠠᠰᠢ ᠣᠯᠠᠨ ᠣᠯᠤᠯᠲᠠ ᠣᠯᠵᠤ᠂ ᠨᠠᠶᠢᠷᠠᠯ ᠳᠠᠭᠤᠤ ᠶᠢᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠦᠭᠰᠡᠨ ᠤ ᠬᠠᠮᠲᠤ᠂ ᠳᠠᠭᠤᠯᠠᠬᠤ ᠶᠢᠨ ᠬᠢᠵᠠᠭᠠᠯᠠᠰᠢ ᠥᠬᠡᠶ ᠬᠠᠪᠤ ᠴᠡᠩᠭᠡᠯ ᠢ ᠣᠶᠢᠯᠠᠭᠠᠵᠤ᠂ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢᠶᠠᠨ ᠪᠠᠶᠠᠯᠢᠭᠵᠢᠭᠤᠯᠤᠭᠰᠠᠨ ᠪᠥᠭᠡᠳ ᠥᠪᠡᠷ ᠤᠨ ᠤᠷᠠᠯᠢᠭ ᠤᠨ ᠪᠣᠯᠪᠠᠰᠤᠷᠠᠯ ᠢᠶᠠᠨ ᠴᠤ ᠳᠡᠭᠡᠭᠰᠢᠯᠡᠭᠦᠯᠪᠡ ᠭᠡᠵᠦ ᠣᠯᠠᠨ ᠢᠶᠠᠷ ᠢᠶᠠᠨ ᠢᠯᠡᠷᠬᠡᠶᠢᠯᠡᠵᠡᠭᠡᠪᠡ᠃ ᠵᠠᠯᠭᠠᠭᠠᠳ ᠪᠠᠭ᠎ᠠ ᠲᠦᠷᠭᠡᠨ ᠭᠤᠤᠯ ᠪᠠᠯᠭᠠᠰᠤ ︽ᠰᠠᠭᠤᠷᠢ ᠶᠢ ᠪᠠᠬᠢᠵᠢᠭᠦᠯᠬᠦ ᠢᠨᠵᠧᠨᠧᠷᠢᠩ︾ ᠤᠨ ᠡᠯ᠎ᠡ ᠲᠦᠷᠦᠯ ᠤᠨ ᠪᠣᠯᠪᠠᠰᠤᠷᠠᠯ ᠤᠨ ᠬᠤᠷᠠᠯ ᠢ ᠦᠷᠭᠦᠯᠵᠢᠯᠡᠨ ᠥᠷᠨᠢᠭᠦᠯᠵᠦ᠂ ᠤᠳᠬ᠎ᠠ ᠤᠷᠠᠯᠢᠭ ᠤᠨ ᠪᠤᠯᠠᠭ ᠢ ᠠᠷᠠᠳ ᠤᠯᠠᠨ ᠤ ᠰᠡᠳᠬᠢᠯ ᠳᠤ ᠰᠢᠩᠭᠡᠭᠡᠵᠦ᠂ ᠰᠣᠶᠣᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号