ᠢᠦᠢ ᠴᠢᠤᠸᠠᠨ ᠲᠣᠭᠤᠷᠢᠭ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠰᠢᠨ᠎ᠡ ᠶᠢ ᠡᠭᠦᠳᠬᠦ ᠶᠢ ᠬᠦᠳᠦᠯᠦᠨ ᠳᠠᠭᠠᠭᠤᠯᠤᠭᠰᠠᠨ 10 ᠵᠢᠯ ᠤᠨ ᠤᠢ︾ ᠶᠢᠨ 4 · 15 ᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠭᠦᠯᠪᠡ
ᠨᠡᠶᠢᠲᠡᠯᠡᠭᠰᠡᠨ ᠴᠠᠭ᠄
2024/4/17
     2024 ᠣᠨ ᠪᠣᠯ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠳᠤᠷᠠᠳᠤᠭᠰᠠᠨ 10 ᠵᠢᠯ ᠤᠨ ᠤᠢ ᠪᠠᠶᠢᠵᠤ᠂ 4 ᠳ᠋ᠤᠭᠡᠷ ᠰᠠᠷ᠎ᠠ ᠶᠢᠨ 15 ᠤ ᠡᠳᠦᠷ ᠪᠣᠯ ᠶᠢᠰᠦᠳᠦᠭᠡᠷ ᠤᠳᠠᠭᠠᠨ ᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠤᠨ᠎ᠠ᠃ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠦᠵᠡᠯ ᠰᠠᠨᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ ᠢᠦᠶ ᠴᠢᠤᠸᠠᠨ ᠲᠣᠭᠤᠷᠢᠭ ᠤᠨ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠢᠨ ᠪᠤᠭᠤᠮᠲᠠ ᠶᠢᠨ ᠬᠠᠭᠤᠴᠢᠨ ᠵᠡᠭᠡᠯᠢ ᠶᠢᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠲᠤ ᠤᠬᠠᠭᠤᠯᠭ᠎ᠠ ᠶᠢᠨ ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠡᠯ᠎ᠡ ᠰᠠᠯᠠᠭ᠎ᠠ ᠮᠥᠴᠢᠷ ᠤᠨ ᠠᠵᠢᠯᠲᠠᠳ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠣᠯᠠᠨ ᠲᠦᠮᠡᠨ ᠤ ᠠᠰᠠᠭᠤᠳᠠᠯ ᠢ ᠬᠠᠷᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠯᠠᠨ ᠲᠦᠮᠡᠨ ᠳᠤ ︽ᠤᠯᠤᠰ ᠤᠨ ᠠᠮᠤᠷ ᠲᠦᠪᠰᠢᠨ ᠤ ᠬᠠᠤᠯᠢ︾ ︽ᠨᠢᠭᠤᠴᠠ ᠶᠢ ᠬᠠᠮᠠᠭᠠᠯᠠᠬᠤ ᠬᠠᠤᠯᠢ︾ ︽ᠲᠠᠩᠨᠠᠭᠤᠯ ᠢ ᠡᠰᠡᠷᠭᠦᠴᠡᠬᠦ ᠬᠠᠤᠯᠢ︾ ︽ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ︽ᠰᠦᠯᠵᠢᠶᠡᠨ ᠤ ᠠᠮᠤᠷ ᠲᠦᠪᠰᠢᠨ ᠤ ᠬᠠᠤᠯᠢ︾ ᠵᠡᠷᠭᠡ ᠤᠯᠤᠰ ᠤᠨ ᠠᠮᠤᠷ ᠲᠦᠪᠰᠢᠨ ᠤ ᠬᠦᠷᠢᠶᠡᠨ ᠳᠠᠬᠢ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠨ ᠶᠠᠷᠢᠵᠤ᠂ ᠤᠯᠠᠨ ᠢᠶᠠᠷ ᠢᠶᠠᠨ ᠤᠯᠤᠰ ᠤᠨ ᠠᠮᠤᠷ ᠲᠦᠪᠰᠢᠨ ᠤ ᠲᠤᠬᠠᠶ ᠨᠡᠩ ᠰᠢᠭᠤᠳ ᠲᠠᠨᠢᠯᠲᠠ ᠲᠠᠢ ᠪᠤᠯᠵᠤ᠂ ᠬᠠᠷᠢᠶᠠᠲᠤ ᠣᠷᠣᠨ ᠤ ᠤᠯᠠᠨ ᠲᠦᠮᠡᠨ ᠤ ᠠᠩᠬᠠᠷᠤᠯ ᠢ ᠲᠠᠲᠠᠭᠰᠠᠨ ᠪᠠᠶᠢᠨ᠎ᠠ᠃ ᠤᠬᠠᠭᠤᠯᠭ᠎ᠠ ᠶᠢᠨ ᠠᠵᠢᠯᠯᠠᠭ᠎ᠠ ᠨᠢ ᠤᠬᠠᠭᠤᠯᠭ᠎ᠠ ᠶᠢᠨ ᠬᠡᠪᠴᠢᠶ᠎ᠡ ᠪᠠᠨ ᠢᠳᠡᠪᠬᠢᠲᠡᠶ ᠥᠷᠭᠡᠳᠬᠡᠵᠦ᠂ ᠥᠷᠭᠡᠨ ᠣᠯᠠᠨ ᠲᠦᠮᠡᠨ ᠳᠤ ᠰᠦᠷᠳᠡᠭᠦᠯᠦᠯ ᠢ ᠡᠰᠡᠷᠭᠦᠴᠡᠬᠦ᠂ ᠭᠠᠵᠢᠭᠤ ᠨᠣᠮᠯᠠᠯ ᠢ ᠡᠰᠡᠷᠭᠦᠴᠡᠬᠦ᠂ ᠬᠤᠣᠷᠲᠤ ᠡᠳ᠋ ᠢ ᠴᠠᠭᠠᠵᠠᠯᠠᠬᠤ᠂ ᠬᠠᠭᠤᠷᠤᠨ ᠮᠡᠬᠡᠯᠡᠬᠦ ᠶᠢ ᠡᠰᠡᠷᠭᠦᠴᠡᠬᠦ᠂ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ᠂ ᠬᠠᠥᠯᠢᠵᠢᠯ ᠤᠨ ᠬᠥᠮᠦᠵᠢᠯ ᠬᠢᠬᠦ ᠵᠡᠷᠭᠡ ᠬᠤᠯᠪᠣᠭᠳᠠᠯ ᠪᠦᠬᠦᠢ ᠮᠡᠳᠡᠯᠭᠡ ᠶᠢ ᠲᠦᠭᠡᠮᠡᠯᠵᠢᠭᠦᠯᠦᠨ ᠤᠬᠠᠭᠤᠯᠵᠤ᠂ ᠡᠭᠦᠨ ᠤ ᠬᠠᠮᠲᠤ ᠤᠯᠠᠨ ᠲᠦᠮᠡᠨ ᠤ ᠠᠰᠠᠭᠤᠨ ᠯᠠᠪᠯᠠᠭᠰᠠᠨ ᠬᠤᠯᠪᠣᠭᠳᠠᠯ ᠪᠦᠬᠦᠢ ᠠᠰᠠᠭᠤᠳᠠᠯ ᠳᠤ ᠬᠠᠯᠠᠭᠤᠮᠰᠤᠭ᠂ ᠬᠦᠯᠢᠴᠡᠩᠭᠦᠶ᠂ ᠨᠠᠷᠢᠨ ᠨᠢᠮᠪᠠᠶ ᠬᠠᠷᠢᠭᠤᠯᠲᠠ ᠥᠭᠴᠦ᠂ ᠤᠯᠠᠨ ᠲᠦᠮᠡᠨ ᠢ ᠬᠠᠪᠰᠤᠷᠤᠨ ᠲᠤᠯᠭᠠᠷᠠᠭᠰᠠᠨ ᠪᠣᠳᠠᠲᠠᠶ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠰᠦᠷᠳᠡᠭᠦᠯᠦᠯ ᠳᠤ ᠬᠤᠯᠪᠣᠭᠳᠠᠭᠰᠠᠨ᠂ ᠭᠠᠵᠢᠭᠤ ᠨᠣᠮᠯᠠᠯ᠂ ᠬᠤᠣᠷᠲᠤ ᠡᠳ᠋ ᠤᠨ ᠶᠠᠯᠠᠲᠤ ᠠᠵᠢᠯᠯᠠᠭ᠎ᠠ᠂ ᠴᠠᠬᠢᠯᠭᠠᠨ ᠬᠤᠯᠪᠤᠭᠠᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠠᠯᠢ ᠤᠯᠠᠨ ᠶᠠᠯᠠᠲᠤ ᠠᠵᠢᠯᠯᠠᠭ᠎ᠠ ᠶᠢᠨ ᠬᠤᠣᠷ ᠬᠦᠨᠦᠭᠡᠯᠳᠦ ᠴᠢᠨᠠᠷ ᠢ ᠭᠦᠢᠴᠡᠳ ᠲᠠᠨᠢᠭᠤᠯᠵᠤ᠂ ᠤᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
     ᠤᠯᠤᠰ ᠤᠨ ᠠᠮᠤᠷ ᠲᠦᠪᠰᠢᠨ ᠪᠣᠯ ᠲᠦᠷᠦ ᠶᠢ ᠲᠦᠪᠰᠢᠷᠡᠭᠦᠯᠵᠦ ᠤᠯᠤᠰ ᠢ ᠲᠦᠪᠰᠢᠷᠡᠭᠦᠯᠬᠦ ᠶᠢᠨ ᠴᠢᠬᠤᠯᠠ ᠰᠠᠭᠤᠷᠢ ᠮᠥᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠣᠯ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠮᠥᠨ᠃ ᠢᠦᠢ ᠴᠢᠤᠸᠠᠨ ᠲᠣᠭᠤᠷᠢᠭ ᠤᠨ ᠬᠢᠨ ᠲᠤᠰ ᠤᠳᠠᠭ᠎ᠠ ᠶᠢᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠤᠯᠠᠨ ᠲᠦᠮᠡᠨ ᠤ ᠠᠮᠤᠷ ᠲᠦᠪᠰᠢᠨ ᠤ ᠤᠬᠠᠮᠰᠠᠷ ᠢ ᠪᠤᠢ ᠪᠣᠯᠭᠠᠬᠤ ᠪᠠ ᠪᠠᠬᠢᠵᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠤᠰ ᠤᠨ ᠠᠮᠤᠷ ᠲᠦᠪᠰᠢᠨ ᠢ ᠬᠠᠮᠠᠭᠠᠯᠠᠵᠤ᠂ ᠤᠯᠤᠰ ᠤᠨ ᠠᠮᠤᠷ ᠲᠦᠪᠰᠢᠨ ᠤ ᠤᠯᠠᠨ ᠲᠦᠮᠡᠨ ᠤ ᠰᠠᠭᠤᠷᠢ ᠶᠢ ᠪᠠᠬᠢᠵᠢᠭᠦᠯᠵᠦ᠂ ︽ᠤᠯᠤᠰ ᠤᠨ ᠠᠮᠤᠷ ᠲᠦᠪᠰᠢᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃
          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号