ᠢᠦᠢ ᠴᠢᠤᠸᠠᠨ ᠲᠣᠭᠤᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠢᠦᠢ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠲᠤ ᠬᠦᠷᠴᠦ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2024/4/17
     ᠤᠢᠢᠷ᠎ᠠ ᠳᠤ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠢᠦᠢ ᠴᠢᠤᠸᠠᠨ ᠲᠣᠭᠤᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠢᠦᠢ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠲᠤ ᠬᠦᠷᠴᠦ᠂ ᠢᠦᠢ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠡᠯ᠎ᠡ ᠨᠠᠮ ᠤᠨ ᠭᠡᠰᠢᠭᠦᠨ ᠺᠠᠳ᠋ᠷᠴᠤᠳ ᠲᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠵᠡᠢ᠃ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠰᠢᠶᠤᠤ ᠫᠧᠩ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠰᠡᠳᠦᠪ ᠢᠶᠠᠷ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠵᠡᠢ᠃ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠨᠢ ︽︿ᠵᠢᠷᠭᠤᠭᠠᠨ ᠥᠭᠦᠯᠡᠪᠦᠷᠢ﹀ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠤᠢᠢᠯᠠᠭᠠᠨ ᠡᠵᠡᠮᠰᠢᠬᠦ︔ ︿ᠰᠠᠨᠠᠯ﹀ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠪᠦᠬᠦ ᠲᠠᠯ᠎ᠠ ᠪᠠᠷ ᠡᠵᠡᠮᠰᠢᠵᠦ᠂ ᠪᠦᠬᠦ ᠲᠠᠯ᠎ᠠ ᠪᠠᠷ ᠲᠤᠭᠤᠰᠢᠯᠠᠭᠤᠯᠬᠤ︾ ᠬᠤᠶᠠᠷ ᠲᠠᠯ᠎ᠠ ᠪᠠᠷ ᠪᠦᠬᠦ ᠲᠠᠯ᠎ᠠ ᠶᠢᠨ ᠰᠢᠰᠲ᠋ᠧᠮ ᠲᠠᠢ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠵᠦ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠤᠢᠢᠯᠠᠭᠠᠨ ᠣᠨᠣᠪᠴᠢᠲᠠᠶ ᠡᠵᠡᠮᠰᠢᠵᠦ᠂ ︽ᠰᠠᠨᠠᠯ︾ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠴᠢᠬᠤᠯᠠ ᠤᠨᠤᠯ ᠤᠨ ᠠᠴᠢ ᠬᠤᠯᠪᠣᠭᠳᠠᠯ ᠪᠠ ᠦᠢᠯᠡᠳᠦᠯᠭᠡ ᠶᠢᠨ ᠦᠨ᠎ᠡ ᠦᠷᠳᠡᠭ ᠲᠠᠢ ᠪᠠᠶᠢᠵᠤ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠤᠨ ᠨᠠᠶᠢᠳᠠᠪᠤᠷᠢᠵᠢᠭᠤᠯᠤᠭᠳᠠᠬᠤ ᠪᠠ ᠬᠥᠮᠦᠰ ᠤᠨ ᠰᠡᠳᠬᠢᠯ ᠳᠤ ᠭᠦᠨ ᠰᠠᠭᠤᠭᠳᠠᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠪᠠ᠃
     ᠮᠡᠳᠡᠭᠦᠯᠦᠯᠲᠡ ᠳᠤ ᠵᠢᠭᠠᠵᠤ ᠭᠠᠷᠭᠠᠭᠰᠠᠨ ᠨᠢ᠂ ᠵᠠᠯᠭᠠᠭᠠᠳ᠂ ᠢᠦᠶ ᠴᠢᠤᠸᠠᠨ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠡᠯ᠎ᠡ ᠺᠠᠳ᠋ᠷ ᠠᠵᠢᠯᠲᠠᠨ ᠠᠵᠢᠯᠴᠢᠨ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂  ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠷᠭᠦᠯᠵᠢᠯᠡᠨ ᠪᠤᠢ ᠪᠣᠯᠭᠠᠵᠤ᠂ ᠨᠢᠭᠡᠨᠲᠡ ᠲᠣᠭᠲᠠᠭᠠᠭᠰᠠᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠪᠦᠬᠦ ᠬᠦᠴᠦᠨ ᠢᠶᠠᠷ ᠢᠶᠠᠨ ᠬᠦᠳᠦᠯᠦᠨ ᠵᠢᠯᠣᠭᠤᠳᠴᠤ ᠪᠠᠶᠢᠭᠠᠳ ᠠᠴᠢ ᠬᠠᠷᠢᠭᠤᠯᠠᠬᠤ ᠰᠡᠳᠬᠢᠯ ᠪᠠ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭ᠎ᠠ ᠪᠠᠷ ︽ᠰᠠᠨᠠᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠰᠡᠳᠬᠢᠯ ᠵᠢᠷᠦᠬᠡᠨ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠬᠦ ᠶᠢ ᠠᠬᠢᠭᠤᠯᠬᠤ ᠬᠡᠷᠡᠭᠲᠡᠢ᠃
     ᠤᠬᠠᠭᠤᠯᠤᠨ ᠲᠠᠶᠢᠯᠪᠤᠷᠢᠯᠠᠬᠤ ᠳᠠᠭᠠᠨ᠂ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠤᠷᠤᠭᠰᠠᠨ︾᠂ ︽ᠡᠯ᠎ᠡ ᠦᠨᠳᠦᠰᠦᠲᠡᠨ ᠤ ᠠᠷᠠᠳ ᠲᠦᠮᠡᠨ ᠪᠤᠭᠤᠲᠤ ᠶᠢᠨ ᠪᠣᠯᠣᠳ ᠲᠡᠮᠦᠷ ᠤᠨ ︵ᠪᠦᠯᠦᠭᠯᠡᠯ︶ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠪᠠᠶᠢᠭᠤᠯᠬᠤ︾᠂ ︽ᠬᠠᠮᠤᠭ ᠤᠨ ᠰᠠᠶᠢᠨ ᠮᠠᠯᠵᠢᠯ ᠤᠨ ᠲᠠᠯᠠᠪᠠᠢ ᠶᠢ ᠰᠠᠨᠰᠠᠷ ᠤᠨ ᠠᠶᠠᠯᠠᠯ ᠳᠤ ᠦᠢᠯᠡᠴᠢᠯᠡᠭᠦᠯᠬᠦ︾ ᠵᠡᠷᠭᠡ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠨᠠᠮ ᠤᠨ ᠲᠥᠪ ᠬᠤᠷᠢᠶᠠᠨ ᠤ ᠤᠷᠢᠶᠠᠯᠠᠭ᠎ᠠ ᠶᠢ ᠡᠷᠡᠰ ᠴᠤᠤᠷᠢᠶᠠᠲᠤᠵᠤ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠢ ᠦᠢᠯᠡᠴᠢᠯᠡᠭᠰᠡᠨ ᠲᠡᠦᠬᠡ ᠶᠢᠨ ᠰᠠᠶᠢᠬᠠᠨ ᠳᠠᠭᠤᠷᠢᠰᠬᠠᠯ ᠢᠶᠠᠷ ᠳᠠᠮᠵᠢᠭᠤᠯᠤᠨ᠂ ᠡᠯ᠎ᠡ ᠨᠠᠮ ᠤᠨ ᠭᠡᠰᠢᠭᠦᠨ ᠺᠠᠳ᠋ᠷᠴᠤᠳ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠲᠤᠭᠤᠰᠢᠲᠠᠢ ᠬᠡᠷᠡᠭᠵᠢᠭᠦᠯᠬᠦ ᠶᠢ ᠨᠡᠩ ᠭᠦᠨᠵᠡᠭᠡᠢ ᠣᠶᠢᠯᠠᠭᠠᠵᠤ᠂ ᠨᠡᠩ ᠭᠤᠶᠢᠪᠢᠰᠢ ᠦᠭᠡᠢ ᠪᠠᠷ ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠡᠷᠡᠰ ᠵᠣᠷᠢᠭ ᠲᠠᠢ ᠪᠣᠯᠵᠠᠢ᠃
     ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠳᠠᠷᠠᠭ᠎ᠠ᠂ ᠣᠯᠠᠨ ᠢᠶᠠᠷ ᠢᠶᠠᠨ ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠭᠦᠨᠵᠡᠭᠡᠶ ᠪᠥᠭᠡᠳ ᠣᠶᠢᠯᠠᠭᠠᠮᠵᠢᠲᠠᠶ ᠪᠠᠶᠢᠵᠤ᠂ ᠣᠯᠠᠨ ᠢᠶᠠᠷ ᠢᠶᠠᠨ ᠶᠡᠬᠡᠳᠡ ᠰᠡᠩᠬᠡᠷᠡᠭᠦᠯᠦᠯ ᠣᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠪᠠ ᠬᠦᠰᠡᠯ ᠨᠠᠶᠢᠳᠠᠯᠭ᠎ᠠ ᠶᠢ ᠭᠦᠨᠵᠡᠭᠡᠶ ᠤᠶᠢᠯᠠᠭᠠᠨ ᠣᠶᠢᠯᠠᠭᠠᠵᠤ᠂ ᠠᠵᠢᠯ ᠤᠨ ᠪᠠᠶᠢᠷᠢ ᠳᠤ ᠪᠠᠨ ᠰᠠᠭᠤᠷᠢᠯᠠᠨ ︽ᠰᠠᠨᠠᠯ︾  ᠲᠠᠢ ᠤᠶᠠᠯᠳᠤᠭᠤᠯᠤᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠢᠮᠠᠭᠲᠠ ᠨᠠᠮ ᠯᠤᠭ᠎ᠠ ᠰᠡᠳᠬᠢᠯ ᠢᠶᠠᠨ ᠨᠢᠭᠡᠳᠬᠡᠵᠦ᠂ ᠤᠬᠠᠭᠤᠯᠭ᠎ᠠ ᠶᠢᠨ ᠠᠵᠢᠯ ᠤᠨ ᠪᠣᠳᠠᠲᠤ ᠪᠠᠶᠢᠳᠠᠯ ᠳᠤᠮᠳᠠ ᠦᠨᠡᠨᠬᠦ ᠠᠳᠬᠤᠨ ᠪᠣᠳᠠᠲᠠᠢ ᠠᠵᠢᠯᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠳᠦᠬᠡᠨ ᠪᠠᠶᠢᠭᠤᠯᠤᠯᠲᠠ ᠳᠤ ᠨᠡᠩ ᠶᠡᠭᠡ ᠬᠤᠪᠢ ᠨᠡᠮᠡᠷᠢ ᠦᠵᠡᠭᠦᠯᠵᠦ ᠪᠣᠳᠠᠲᠤ ᠠᠵᠢᠯᠯᠠᠭ᠎ᠠ ᠪᠠᠷ ᠢᠶᠠᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠠᠯᠳᠠᠨ ᠦᠰᠦᠭᠲᠦ ᠫᠠᠶᠢᠰᠠ ᠶᠢ ᠤᠯᠠᠮ ᠠᠴᠠ ᠤᠯᠠᠮ ᠭᠡᠷᠡᠯᠳᠤᠬᠦᠯᠬᠦ ᠬᠡᠷᠡᠭᠲᠡᠢ ᠭᠡᠵᠦ ᠢᠯᠡᠷᠬᠡᠶᠢᠯᠡᠪᠡ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号