ᠤᠷᠢᠨ ᠬᠠᠪᠤᠷ ᠤᠨ ᠤᠷᠠᠨ ︽ᠤᠩᠰᠢᠯᠭ᠎ᠠ︾
ᠨᠡᠶᠢᠲᠡᠯᠡᠭᠰᠡᠨ ᠴᠠᠭ᠄
2024/4/17
     ᠣᠶᠢᠷ᠎ᠠ ᠳᠤ᠂ ︽ᠰᠤᠩᠭᠤᠳᠠᠭ ᠪᠦᠲᠦᠭᠡᠯ ᠢᠶᠠᠷ ᠳᠤᠮᠳᠠᠳᠤ ᠪᠠᠨ ᠭᠡᠶᠢᠭᠦᠯᠬᠦ︾ ᠤᠩᠰᠢᠯᠭ᠎ᠠ ᠶᠢᠨ ᠶᠡᠭᠡ ᠬᠤᠷᠠᠯ ᠵᠢᠴᠢ ᠬᠥᠬᠡᠬᠤᠲᠠ ᠶᠢᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠤᠨ ᠬᠠᠮᠲᠤ ᠪᠠᠷ ᠤᠩᠰᠢᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃ ᠲᠤᠰ ᠤᠳᠠᠭᠠᠨ ᠤ ᠠᠵᠢᠯᠯᠠᠭ᠎ᠠ ᠶᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ ᠡᠷᠬᠢᠯᠡᠵᠤ᠂ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠠᠴᠠ ᠳᠠᠭᠠᠭᠠᠴᠢᠯᠠᠨ ᠡᠷᠬᠢᠯᠡᠵᠤ᠂ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠬᠦ ᠲᠤᠬᠠᠢ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠣᠮ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠠᠭᠰᠢ ᠰᠤᠷᠤᠭᠴᠢᠳ ᠤᠨ ᠤᠩᠰᠢᠯᠭ᠎ᠠ ᠶᠢᠨ ᠤᠷᠮ᠎ᠠ ᠪᠠᠬ᠎ᠠ ᠪᠣᠯᠣᠨ ᠰᠣᠶᠣᠯ ᠤᠨ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠬᠠᠮᠲᠤ ᠪᠦᠬᠦ ᠬᠤᠲᠠ ᠶᠢᠨ ᠲᠠᠪᠤᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠤᠨ ᠬᠠᠮᠲᠤ ᠪᠠᠷ ᠤᠩᠰᠢᠬᠤ ᠠᠵᠢᠯᠯᠠᠭ᠎ᠠ ᠶᠢᠨ ᠳᠤᠮᠳᠠ ᠰᠢᠯᠢᠳᠡᠭ ᠰᠠᠶᠢᠨ ᠢᠯᠡᠷᠡᠯ ᠲᠠᠢ ᠬᠠᠮᠲᠤ ᠨᠡᠶᠢᠲᠡ ᠶᠢ ᠬᠥᠬᠢᠭᠦᠯᠦᠨ ᠰᠠᠶᠢᠰᠢᠶᠠᠵᠤ᠂ ᠨᠣᠮ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠪᠣᠯᠣᠨ ᠤᠩᠰᠢᠯᠭ᠎ᠠ ᠶᠢ ᠳᠡᠯᠭᠡᠷᠡᠭᠦᠯᠬᠦ ᠲᠤᠷᠰᠢᠯᠭ᠎ᠠ ᠶᠢ ᠬᠤᠪᠢᠶᠠᠯᠴᠠᠬᠤ ᠶᠢ ᠵᠤᠷᠢᠪᠠ᠃ ᠵᠢᠷᠤᠭ ᠪᠣᠯ ᠰᠤᠷᠤᠭᠴᠢᠳ ︽ᠳᠤᠮᠳᠠᠳᠤ ᠤᠯᠤᠰ ᠤᠨ ᠤᠯᠠᠭᠠᠨ︾ ᠭᠡᠬᠦ ᠰᠢᠯᠦᠭ ᠢ ᠤᠶᠠᠩᠭᠠᠯᠠᠨ ᠤᠩᠰᠢᠵᠤ ᠪᠠᠶᠢᠭ᠎ᠠ ᠨᠢ᠃ ᠰᠤᠷᠪᠤᠯᠵᠢᠯᠠᠭᠴᠢ ᠵᠠᠩ ᠢ ᠲᠤᠤ ᠳᠠᠳᠤᠯᠭ᠎ᠠ ᠶᠢᠨ ᠰᠤᠷᠪᠤᠯᠵᠢᠯᠠᠭᠴᠢ ᠷᠦᠸᠧ ᠬᠥ᠋ ᠰᠡᠭᠦᠳᠡᠷᠯᠡᠪᠡ
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号