ᠢᠦᠶ ᠴᠢᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠴᠠᠩ ᠾᠧ ᠯᠠᠩ ᠬᠠᠤᠯᠢ ᠴᠠᠭᠠᠵᠠ ᠶᠢᠨ ᠭᠠᠵᠠᠷ ᠣᠯᠠᠨ ᠨᠢᠭᠡᠴᠢ ᠲᠠᠢ ᠬᠠᠮᠲᠤᠷᠠᠨ ︽ᠢᠷᠭᠡᠨ ᠤ ᠬᠠᠤᠯᠢ ᠶᠢᠨ ᠪᠢᠴᠢᠭ ᠢ ᠦᠨᠡᠨᠴᠢ ᠢᠲᠡᠭᠡᠮᠵᠢᠲᠡᠶ ᠡᠵᠡᠩᠨᠡᠯᠲᠡ ᠳᠤ ᠤᠷᠤᠭᠤᠯᠬᠤ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/17
     4 ᠳ᠋ᠤᠭᠡᠷ ᠰᠠᠷ᠎ᠠ ᠶᠢᠨ 11 ᠤ ᠦᠳᠡ ᠶᠢᠨ ᠬᠤᠶᠢᠨ᠎ᠠ᠂ ᠢᠦᠶ ᠴᠢᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠴᠠᠩ ᠾᠧ ᠯᠠᠩ ᠬᠠᠤᠯᠢ ᠴᠠᠭᠠᠵᠠ ᠶᠢᠨ ᠭᠠᠵᠠᠷ ᠬᠥᠬᠡᠬᠤᠲᠠ ᠶᠢᠨ ᠤᠮᠠᠷᠠᠲᠤ ᠬᠢᠯᠢ ᠶᠢᠨ ᠠᠯᠪᠠᠨ ᠭᠡᠷᠡᠴᠢᠯᠡᠭᠡ ᠶᠢᠨ ᠭᠠᠵᠠᠷ᠂ ᠶᠡᠭᠡ ᠵᠣᠣ ᠦᠵᠡᠮᠵᠢ ᠶᠢᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠲᠦᠩ ᠱᠦᠨ ᠵᠡᠭᠡᠯᠢ ᠶᠢᠨ ᠲᠣᠮᠢᠯᠠᠭᠰᠠᠨ ᠰᠠᠯᠪᠤᠷᠢ᠂ ᠢᠦᠶ ᠴᠢᠤᠸᠠᠨ ᠲᠣᠭᠤᠷᠢᠭ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠠᠵᠢᠯ ᠦᠢᠯᠡᠰ ᠤᠨ ᠬᠥᠭᠵᠢᠯᠲᠡ ᠶᠢᠨ ᠲᠥᠪ ᠲᠠᠢ ᠬᠠᠮᠲᠤᠷᠠᠨ ᠦᠵᠡᠮᠵᠢ ᠶᠢᠨ ᠣᠷᠣᠨ ᠤ ᠬᠤᠳᠠᠯᠳᠤᠭᠠᠴᠢᠨ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠤᠷᠪᠠᠳᠤᠭᠠᠷ ᠲᠠᠶᠢᠯᠤᠮᠵᠢ ︽ᠢᠷᠭᠡᠨ ᠤ ᠬᠠᠤᠯᠢ ᠶᠢᠨ ᠪᠢᠴᠢᠭ ᠢ ᠦᠨᠡᠨᠴᠢ ᠢᠲᠡᠭᠡᠮᠵᠢᠲᠡᠶ ᠡᠵᠡᠩᠨᠡᠯᠲᠡ ᠳᠤ ᠤᠷᠤᠭᠤᠯᠬᠤ︾ ᠶᠢ ᠦᠷᠨᠢᠭᠦᠯᠵᠦ᠂ ᠭᠡᠷ᠎ᠡ ᠶᠢᠨ ᠬᠠᠤᠯᠢ ᠶᠢ ᠭᠤᠣᠯᠳᠠᠯᠭ᠎ᠠ ᠲᠠᠢ ᠪᠠᠷ ᠶᠠᠷᠢᠵᠤ᠂ ᠬᠤᠳᠠᠯᠳᠤᠭᠠᠨ ᠤ ᠠᠵᠢᠯᠯᠠᠭ᠎ᠠ ᠳᠠᠬᠢ ᠭᠡᠷ᠎ᠡ ᠶᠢᠨ ᠬᠠᠤᠯᠢ ᠶᠢᠨ ᠵᠠᠩᠭᠢᠯᠠᠭ᠎ᠠ ᠶᠢᠨ ᠪᠠᠶᠢᠷᠢ ᠰᠠᠭᠤᠷᠢ ᠶᠢ ᠴᠢᠬᠤᠯᠠᠴᠢᠯᠠᠬᠤ ᠶᠢᠨ ᠬᠠᠮᠲᠤ ᠦᠨᠡᠨᠴᠢ ᠢᠲᠡᠭᠡᠮᠵᠢᠲᠡᠶ ᠪᠠᠷ ᠡᠵᠡᠩᠨᠡᠨ ᠪᠦᠳᠦᠭᠡᠨ ᠪᠠᠶᠢᠭᠤᠯᠬᠤ ᠶᠢᠨ ᠴᠢᠬᠤᠯᠠ ᠠᠭᠤᠯᠭ᠎ᠠ ᠶᠢ ᠭᠦᠨᠵᠡᠭᠡᠶ ᠰᠤᠳᠤᠯᠤᠨ ᠶᠠᠷᠢᠯᠴᠠᠪᠠ᠃
     ᠲᠣᠰ ᠤᠳᠠᠭᠠᠨ ᠤ ᠠᠵᠢᠯᠯᠠᠭ᠎ᠠ ᠳᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠨᠡᠷ PPT ᠪᠠᠷ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠥᠷᠭᠡᠨ ᠣᠯᠠᠨ ᠡᠵᠡᠩᠨᠡᠭᠴᠢᠳ ᠲᠤ ᠭᠡᠷ᠎ᠡ ᠶᠢᠨ ᠬᠠᠤᠯᠢ ᠶᠢᠨ ᠬᠤᠯᠪᠣᠭᠳᠠᠯ ᠪᠥᠬᠦᠶ ᠮᠡᠳᠡᠯᠭᠡ ᠶᠢ ᠲᠦᠭᠡᠮᠡᠯᠵᠢᠭᠦᠯᠵᠡᠶ᠃ ᠲᠤᠰᠬᠠᠶ ᠰᠡᠳᠦᠪᠲᠦ ᠲᠠᠶᠢᠯᠤᠮᠵᠢ ᠶᠢ ᠵᠣᠬᠢᠶᠠᠨ ᠪᠠᠶᠢᠭᠤᠯᠵᠤ᠂ ᠭᠡᠷ᠎ᠡ ᠶᠢᠨ ᠤᠬᠠᠭᠳᠠᠬᠤᠨ᠂ ᠠᠭᠤᠯᠭ᠎ᠠ᠂ ᠲᠣᠭᠲᠠᠭᠠᠬᠤ᠂  ᠬᠡᠷᠡᠭᠵᠢᠭᠦᠯᠬᠦ᠂ ᠬᠤᠪᠢᠷᠠᠭᠤᠯᠬᠤ᠂ ᠬᠦᠴᠦᠨ ᠥᠬᠡᠶ ᠪᠣᠯᠭᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠨᠠᠷᠢᠨ ᠲᠠᠶᠢᠯᠪᠤᠷᠢᠯᠠᠵᠤ᠂ ᠡᠵᠡᠩᠨᠡᠭᠴᠢᠳ ᠢ ᠬᠠᠪᠰᠤᠷᠤᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠨᠢ ᠴᠢᠩᠭᠠᠳᠬᠠᠪᠠ᠃
     ᠤᠬᠠᠭᠤᠯᠭ᠎ᠠ ᠶᠢᠨ ᠦᠷ᠎ᠡ ᠪᠦᠲᠦᠮᠵᠢ ᠶᠢ ᠨᠡᠮᠡᠭᠳᠡᠭᠦᠯᠬᠦ ᠶᠢᠨ ᠲᠥᠯᠥᠭᠡ᠂ ᠠᠵᠢᠯᠲᠠᠳ ᠭᠡᠷ᠎ᠡ ᠶᠢᠨ ᠬᠠᠤᠯᠢ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠭᠰᠠᠨ ᠪᠥᠭᠡᠳ ᠡᠵᠡᠩᠨᠡᠭᠴᠢᠳ ᠤᠨ ᠳᠤᠷᠠᠳᠤᠭᠰᠠᠨ ᠬᠠᠤᠯᠢ ᠴᠠᠭᠠᠵᠠ ᠶᠢᠨ ᠲᠤᠬᠠᠶ ᠠᠰᠠᠭᠤᠯᠲᠠ ᠳᠤ ᠬᠠᠷᠢᠭᠤᠯᠲᠠ ᠥᠭᠴᠡᠶ᠃ PPT ᠳᠤ ᠨᠡᠪᠲᠡᠷᠡᠭᠦᠯᠵᠦ ᠪᠠᠶᠢᠭ᠎ᠠ ᠠᠮᠢᠳᠤᠷᠠᠯ ᠤᠨ ᠦᠷᠭᠦᠯᠵᠢ ᠲᠣᠬᠢᠶᠠᠯᠳᠤᠳᠠᠭ ᠭᠡᠷ᠎ᠡ ᠶᠢᠨ ᠬᠡᠷᠡᠭ ᠤᠨ ᠵᠢᠱᠢᠶ᠎ᠡ ᠶᠢ ᠵᠠᠳᠠᠯᠬᠤ ᠪᠠᠷ ᠳᠠᠮᠵᠢᠭᠤᠯᠤᠨ᠂ ᠡᠵᠡᠩᠨᠡᠭᠴᠢᠳ ᠲᠤ ᠭᠡᠷ᠎ᠡ ᠶᠢᠨ ᠵᠢᠭᠤᠷᠠᠯᠳᠤᠭᠠᠨ ᠤ ᠠᠪᠴᠢᠷᠠᠵᠤ ᠮᠡᠳᠡᠬᠦ ᠠᠶᠤᠯ ᠲᠦᠭᠰᠢᠭᠦᠷᠢ ᠪᠠ ᠦᠷ᠎ᠡ ᠳ᠋ᠦᠩ ᠢ ᠨᠠᠩ ᠰᠢᠭᠤᠳ  ᠲᠠᠨᠢᠭᠤᠯᠪᠠ᠃      ᠠᠵᠢᠯᠯᠠᠭ᠎ᠠ ᠶᠢᠨ ᠳᠤᠮᠳᠠ ᠪᠠᠰᠠ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢᠨ ᠭᠤᠣᠯᠯᠠᠬᠤ ᠦᠷᠳᠡᠭ ᠪᠠ ᠦᠢᠯᠡᠳᠦᠯᠭᠡ ᠶᠢᠨ ᠠᠷᠭ᠎ᠠ ᠶᠢ ᠴᠢᠬᠤᠯᠠᠴᠢᠯᠠᠵᠠᠶ᠃ ᠡᠭᠦᠨ ᠳᠤ᠄ ᠬᠤᠳᠠᠯᠳᠤᠭᠠᠨ ᠤ ᠶᠣᠰᠣ ᠮᠣᠷᠠᠯ ᠢ ᠵᠢᠷᠤᠮᠯᠠᠬᠤ ᠶᠢ ᠴᠢᠬᠤᠯᠠᠴᠢᠯᠠᠵᠤ᠂ ᠦᠨᠡᠨᠴᠢ ᠢᠲᠡᠭᠡᠮᠵᠢᠲᠡᠶ ᠪᠠᠶᠢᠬᠤ ᠵᠠᠷᠴᠢᠮ ᠢ ᠪᠠᠷᠢᠮᠲᠠᠯᠠᠨ᠂ ᠬᠤᠳᠠᠯ ᠬᠠᠭᠤᠷᠮᠠᠭ ᠤᠬᠠᠭᠤᠯᠭ᠎ᠠ ᠪᠠ ᠮᠡᠬᠡᠯᠡᠬᠦ ᠠᠵᠢᠯᠯᠠᠭ᠎ᠠ ᠦᠯᠦ ᠬᠢᠬᠦ︔ ᠭᠡᠷ᠎ᠡ ᠶᠢᠨ ᠵᠣᠷᠢᠭ ᠰᠠᠨᠠᠭ᠎ᠠ ᠶᠢ ᠬᠥᠮᠦᠵᠢᠭᠦᠯᠵᠦ᠂ ᠭᠡᠷ᠎ᠡ ᠶᠢᠨ ᠡᠭᠦᠷᠭᠡ ᠶᠢ ᠴᠢᠩᠭ᠎ᠠ ᠭᠦᠢᠴᠡᠳᠬᠡᠵᠦ᠂ ᠭᠡᠷ᠎ᠡ ᠶᠢᠨ ᠡᠷᠬᠡ ᠰᠦᠷᠲᠦ ᠴᠢᠨᠠᠷ ᠪᠠ ᠲᠣᠭᠲᠠᠪᠤᠷᠢᠲᠤ ᠴᠢᠨᠠᠷ ᠢ ᠬᠠᠮᠠᠭᠠᠯᠠᠬᠤ ᠬᠡᠷᠡᠭᠲᠡᠢ︔ ᠦᠢᠯᠡᠳᠬᠦᠨ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠴᠢᠨᠠᠷ ᠰᠠᠶᠢᠲᠠᠶ ᠲᠠᠸᠠᠷ ᠪᠠ ᠦᠢᠯᠡᠴᠢᠯᠡᠭᠡ ᠪᠠᠷ ᠬᠡᠷᠡᠭᠯᠡᠭᠴᠢᠳ ᠤᠨ ᠢᠲᠡᠭᠡᠯ ᠢ ᠤᠯᠬᠤ ᠬᠡᠷᠡᠭᠲᠡᠶ᠃      ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ ᠡᠵᠡᠩᠨᠡᠭᠴᠢᠳ ᠭᠡᠷ᠎ᠡ ᠶᠢᠨ ᠬᠠᠤᠯᠢ ᠶᠢᠨ ᠲᠤᠬᠠᠶ ᠨᠡᠩ ᠭᠦᠨᠵᠡᠭᠡᠶ ᠣᠶᠢᠯᠠᠭᠠᠯᠲᠠ ᠲᠠᠢ ᠪᠣᠯᠵᠤ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠭᠰᠠᠨ ᠪᠠᠶᠢᠨ᠎ᠠ᠃ ᠡᠨᠡ ᠨᠢ ᠬᠤᠳᠠᠯᠳᠤᠭᠠᠨ ᠤ ᠠᠷᠠᠯᠵᠢᠶᠠᠨ ᠤ ᠳᠦᠷᠢᠮᠵᠢᠯᠳᠦ ᠴᠢᠨᠠᠷ ᠪᠠ ᠲᠣᠭᠲᠠᠪᠤᠷᠢᠲᠤ ᠴᠢᠨᠠᠷ ᠢ ᠬᠦᠴᠦᠲᠡᠶ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ ᠪᠣᠯᠤᠨ᠎ᠠ᠃      ᠬᠤᠶᠢᠰᠢᠳᠠ᠂ ᠴᠠᠩ ᠾᠧ ᠯᠠᠩ ᠬᠠᠤᠯᠢ ᠴᠠᠭᠠᠵᠠ ᠶᠢᠨ ᠭᠠᠵᠠᠷ ︽ᠢᠷᠭᠡᠨ ᠤ ᠬᠠᠤᠯᠢ ᠶᠢᠨ ᠪᠢᠴᠢᠭ︾ ᠢ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠳᠤ ᠪᠠᠲᠤ ᠴᠢᠩᠭ᠎ᠠ ᠬᠠᠤᠯᠢ ᠴᠠᠭᠠᠵᠠ ᠶᠢᠨ ᠳᠡᠮᠵᠢᠯᠭᠡ ᠬᠠᠩᠭᠠᠬᠤ ᠪᠣᠯᠤᠨ᠎ᠠ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号