ᠦᠵᠡᠮᠵᠢ ᠶᠢᠨ ᠣᠷᠣᠨ ᠤ ᠦᠢᠯᠡᠴᠢᠯᠡᠭᠡᠨ ᠤ ᠲᠥᠪ᠄ ᠪᠦᠬᠦ ᠪᠥᠮᠪᠥᠷᠴᠡᠭ ᠤᠨ ᠵᠤᠭᠠᠴᠠᠭᠰᠠᠳ ᠤᠨ ᠬᠢᠯᠪᠠᠷᠬᠠᠨ ᠢᠶᠠᠷ ᠲᠤᠭᠠᠴᠢᠭ᠎ᠠ ᠬᠢᠬᠦ ᠳᠤ ᠬᠦᠴᠦ ᠨᠡᠮᠡᠷᠢᠯᠡᠵᠦ᠂ ᠬᠠᠷᠰᠢ ᠰᠠᠭᠠᠳ ᠥᠬᠡᠶ ᠬᠡᠷᠡᠭᠯᠡᠭᠡ ᠶᠢᠨ ᠰᠢᠨ᠎ᠡ ᠣᠶᠢᠯᠠᠭᠠᠯᠲᠠ ᠶᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2024/4/17
     ᠣᠳᠣᠬᠠᠨ ᠤ ᠳᠡᠯᠡᠬᠡᠶᠢᠵᠢᠯᠲᠡ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠲᠤ᠂ ᠤᠯᠠᠮ ᠠᠴᠠ ᠤᠯᠠᠮ ᠤᠯᠠᠨ ᠭᠠᠳᠠᠭᠠᠳᠤ ᠶᠢᠨ ᠵᠤᠭᠠᠴᠠᠭᠰᠠᠳ ᠪᠣᠭᠤᠮᠲᠠ ᠶᠢᠨ ᠬᠠᠭᠤᠴᠢᠨ ᠵᠡᠭᠡᠯᠢ ᠶᠢᠨ ᠵᠤᠭᠠᠴᠠᠯ ᠰᠡᠯᠡᠭᠦᠴᠡᠯ ᠤᠨ ᠵᠡᠭᠡᠯᠢ ᠲᠣᠭᠤᠷᠢᠭ ᠲᠤ ᠢᠷᠡᠵᠤ᠂ ᠥᠪᠡᠷᠮᠢᠴᠡ ᠰᠣᠶᠣᠯ ᠪᠣᠯᠤᠨ ᠦᠵᠡᠰᠬᠦᠯᠡᠩᠲᠦ ᠰᠠᠶᠢᠬᠠᠨ ᠦᠵᠡᠮᠵᠢ ᠶᠢ ᠪᠡᠶᠡᠴᠢᠯᠡᠨ ᠣᠶᠢᠯᠠᠭᠠᠬᠤ ᠪᠣᠯᠪᠠ᠃ ᠭᠡᠪᠡᠴᠦ ᠵᠤᠭᠠᠴᠠᠭᠰᠠᠳ ᠤᠨ ᠣᠯᠠᠰᠢᠷᠠᠬᠤ ᠶᠢ ᠳᠠᠭᠠᠯᠳᠤᠨ᠂ ᠵᠠᠷᠢᠮ ᠵᠢᠵᠢᠭ ᠰᠠᠵᠢᠭ ᠠᠰᠠᠭᠤᠳᠠᠯ ᠴᠤ ᠠᠭᠠᠵᠢᠮ ᠢᠶᠠᠷ ᠢᠯᠡᠷᠡᠨ ᠭᠠᠷᠴᠤ ᠢᠷᠡᠪᠡ᠂ ᠡᠭᠦᠨ ᠤ ᠳᠣᠲᠣᠷᠠᠬᠢ ᠨᠢᠭᠡ ᠨᠢ ᠳᠠᠷᠤᠶ ᠵᠣᠭᠤᠰᠣᠨ ᠤ ᠭᠦᠢᠯᠭᠡᠭᠡᠨ ᠤ ᠠᠰᠠᠭᠤᠳᠠᠯ ᠪᠣᠯᠤᠨ᠎ᠠ᠃ ᠡᠨᠡᠬᠦ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠣᠶᠢᠷ᠎ᠠ ᠳᠤ ᠦᠵᠡᠮᠵᠢ ᠶᠢᠨ ᠣᠷᠣᠨ ᠤ ᠦᠢᠯᠡᠴᠢᠯᠡᠭᠡᠨ ᠤ ᠲᠥᠪ ᠨᠢ ᠢᠦᠶ ᠴᠢᠤᠸᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠦᠵᠡᠮᠵᠢ ᠶᠢᠨ ᠣᠷᠣᠨ ᠤ ᠵᠠᠬ᠎ᠠ ᠳᠡᠯᠭᠡᠭᠦᠷ ᠤᠨ ᠭᠠᠵᠠᠷ ᠵᠢᠴᠢ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠠᠵᠢᠯᠲᠠᠳ ᠲᠠᠢ ᠬᠠᠮᠲᠤᠷᠠᠨ ᠵᠡᠭᠡᠯᠢ ᠭᠤᠳᠤᠮᠵᠢ ᠶᠢᠨ ᠪᠣᠶ ᠪᠥᠬᠦᠶ ᠬᠤᠳᠠᠯᠳᠤᠭᠠᠨ ᠤ ᠡᠷᠦᠬᠡ ᠳᠤ ᠦᠢᠯᠡᠳᠪᠦᠷᠢ ᠬᠤᠳᠠᠯᠳᠤᠭᠠᠨ ᠤ ᠪᠠᠩᠬᠢ ᠶᠢᠨ POS ᠮᠠᠰᠢᠨ ᠢ ᠰᠦᠢᠳᠬᠡᠯ ᠬᠤᠷᠢᠶᠠᠬᠤ ᠦᠭᠡᠶ ᠪᠠᠷ ᠤᠭᠰᠠᠷᠠᠭᠤᠯᠵᠤ᠂ ᠭᠠᠳᠠᠭᠠᠳᠤ ᠶᠢᠨ ᠵᠤᠭᠠᠴᠠᠭᠰᠠᠳ ᠤᠨ ᠬᠡᠷᠡᠭᠯᠡᠭᠡᠨ ᠤ ᠱᠠᠭᠠᠷᠳᠠᠯᠭ᠎ᠠ ᠶᠢ ᠨᠡᠩ ᠰᠠᠶᠢᠨ ᠬᠠᠩᠭᠠᠨ᠎ᠠ᠃
     ᠡᠨᠡ ᠬᠦ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠨᠢ ᠵᠤᠭᠠᠴᠠᠭᠰᠠᠳ ᠤᠨ ᠬᠡᠷᠡᠭᠯᠡᠭᠡᠨ ᠤ ᠣᠶᠢᠯᠠᠭᠠᠯᠲᠠ ᠶᠢ ᠰᠢᠯᠢᠳᠡᠭᠵᠢᠭᠦᠯᠵᠦ᠂ ᠲᠣᠭᠠᠴᠠᠭ᠎ᠠ ᠬᠢᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠬᠤᠳᠠᠯᠳᠤᠭᠠᠴᠢᠨ ᠳᠤ ᠨᠠᠩ ᠥᠷᠭᠡᠨ ᠠᠭᠤᠳᠠᠮ ᠡᠵᠡᠩᠨᠡᠯᠲᠡ ᠶᠢᠨ ᠣᠷᠣᠨ ᠵᠠᠶ ᠬᠠᠩᠭᠠᠵᠤ ᠦᠭᠪᠡ᠃ ᠲᠡᠷᠡ ᠨᠢ ᠨᠢᠭᠡᠨ ᠪᠣᠳᠠᠲᠠᠶ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ᠂ ᠨᠡᠩ ᠴᠤ ᠰᠣᠶᠣᠯ ᠤᠨ ᠰᠣᠯᠢᠯᠴᠠᠭ᠎ᠠ ᠪᠠ ᠠᠵᠤ ᠠᠬᠤᠶ ᠶᠢᠨ ᠴᠡᠴᠡᠭᠯᠡᠯᠲᠡ ᠶᠢ ᠠᠶᠠᠨᠳᠠᠭᠠᠨ ᠠᠬᠢᠭᠤᠯᠤᠭᠰᠠᠨ ᠪᠠᠶᠢᠨ᠎ᠠ᠃ ᠢᠷᠡᠭᠡᠳᠦᠢ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠲᠤ᠂ ᠡᠶᠢᠨᠬᠦ ᠨᠠᠷᠢᠨ ᠨᠢᠮᠪᠠᠶ᠂ ᠠᠷᠠᠳ ᠲᠦᠮᠡᠨ ᠤ ᠲᠥᠯᠥᠭᠡ ᠪᠣᠳᠣᠯᠬᠢᠯᠠᠬᠤ ᠦᠢᠯᠡᠴᠢᠯᠡᠭᠡ ᠨᠢ ᠯᠠᠪᠲᠠᠢ ᠨᠡᠩ ᠤᠯᠠᠨ ᠳᠡᠯᠡᠬᠡᠢ ᠶᠢᠨ ᠵᠤᠭᠠᠴᠠᠭᠰᠠᠳ ᠢ ᠲᠠᠲᠠᠬᠤ ᠴᠢᠬᠤᠯᠠ ᠡᠯᠧᠮᠧᠨ᠋ᠲ ᠪᠤᠯᠵᠤ᠂ ᠮᠠᠨ ᠤ ᠲᠤᠭᠤᠷᠢᠭ ᠤᠨ ᠵᠢᠭᠤᠯᠴᠢᠯᠠᠯ ᠤᠨ ᠦᠢᠯᠡᠰ ᠤᠨ ᠦᠷᠭᠦᠯᠵᠢᠯᠡᠨ ᠬᠥᠭᠵᠢᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号