ᠢᠦᠢ ᠴᠢᠤᠸᠠᠨ ᠲᠣᠭᠤᠷᠢᠭ ᠤᠨ 2024 ᠣᠨ ᠤ ᠪᠦᠬᠦ ᠠᠷᠠᠳ ᠤᠨ ᠤᠩᠰᠢᠯᠭ᠎ᠠ᠂ ᠬᠡᠪᠯᠡᠯ ᠤᠨ ᠡᠷᠬᠡ ᠶᠢᠨ ᠤᠬᠠᠭᠤᠯᠭ᠎ᠠ᠂ ᠤᠯᠠᠨ ᠨᠡᠶᠢᠲᠡ ᠶᠢᠨ ᠨᠣᠮ ᠤᠨ ᠰᠠᠩ ᠤᠨ ᠦᠢᠯᠡᠴᠢᠯᠡᠭᠡᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠡᠬᠢᠯᠡᠯᠲᠡ ᠶᠢᠨ ᠶᠤᠰᠤᠯᠠᠯ ᠶᠠᠪᠤᠭᠳᠠᠬᠤ ᠪᠠᠷ ᠪᠤᠢ
ᠨᠡᠶᠢᠲᠡᠯᠡᠭᠰᠡᠨ ᠴᠠᠭ᠄
2024/4/18
     2024 ᠣᠨ ᠤ 4 ᠳ᠋ᠤᠭᠡᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨᠡᠬᠢ 10 ᠴᠠᠭ ᠲᠤ 29 ᠳ᠋ᠤᠭᠡᠷ ︽ᠳᠡᠯᠡᠬᠡᠶ ᠶᠢᠨ ᠨᠣᠮ ᠤᠩᠰᠢᠬᠤ ᠡᠳᠦᠷ︾ ᠤᠨ ᠬᠦᠷᠴᠦ ᠢᠷᠡᠬᠦ ᠶᠢ  ᠤᠭᠲᠤᠨ᠂ ᠨᠣᠮ ᠤᠨ ᠰᠤᠷᠪᠤᠯᠵᠢᠲᠤ ᠢᠦᠢ ᠴᠢᠤᠸᠠᠨ ᠤ ᠪᠦᠲᠦᠭᠡᠨ ᠪᠠᠶᠢᠭᠤᠯᠤᠯᠲᠠ ᠪᠠ ᠪᠦᠬᠦ ᠠᠷᠠᠳ ᠤᠨ ᠤᠩᠰᠢᠯᠭ᠎ᠠ ᠶᠢᠨ ᠦᠢᠯᠡᠰ ᠤᠨ ᠲᠦᠷᠭᠡᠨ ᠠᠬᠢᠴᠠ ᠶᠢ ᠢᠳᠡᠪᠬᠢᠲᠡᠶ ᠠᠬᠢᠭᠤᠯᠵᠤ᠂ ᠨᠣᠮ ᠤᠨ ᠰᠠᠩ ᠤᠨ ᠰᠣᠶᠣᠯ ᠤᠨ ᠭᠤᠤᠯ ᠵᠢᠭᠰᠠᠭᠠᠯ ᠤᠨ ᠭᠠᠵᠠᠷ ᠤᠨ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮ ᠨᠢᠭᠡ ᠠᠯᠬᠤᠮ ᠤᠯᠠᠮᠵᠢᠯᠠᠨ ᠪᠠᠳᠠᠷᠠᠭᠤᠯᠵᠤ᠂ ᠤᠮᠠᠷᠠᠲᠤ ᠬᠢᠯᠢ ᠶᠢᠨ ᠰᠣᠶᠣᠯ ᠢ ᠪᠥᠲᠥᠭᠡᠨ ᠪᠠᠶᠢᠭᠤᠯᠵᠤ᠂ ᠥᠷᠭᠡᠨ ᠣᠯᠠᠨ ᠠᠷᠠᠳ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠦᠯᠦᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠢᠦᠶ ᠴᠢᠤᠸᠠᠨ ᠲᠣᠭᠤᠷᠢᠭ ᠤᠨ ᠬᠤᠷᠢᠶᠠᠨ ᠤ ᠤᠬᠠᠭᠤᠯᠬᠤ ᠬᠡᠯᠲᠡᠰ᠂ ᠢᠦᠶ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠬᠠᠮᠲᠤᠷᠠᠨ ᠡᠷᠭᠢᠯᠡᠵᠦ᠂ ᠢᠦᠢ ᠴᠢᠤᠸᠠᠨ ᠲᠣᠭᠤᠷᠢᠭ ᠤᠨ ᠨᠣᠮ ᠤᠨ ᠰᠠᠩ᠂ ᠥᠪᠥᠷ ᠮᠣᠩᠭᠤᠯ ᠤᠨ ᠨᠡᠪᠲᠡᠷᠡᠭᠦᠯᠦᠭᠴᠢ ᠬᠦᠲᠦᠯᠦᠭᠴᠢ ᠤᠷᠠᠨ ᠤᠩᠰᠢᠯᠭ᠎ᠠ ᠶᠠᠷᠢᠶ᠎ᠠ ᠢᠯᠡᠳᠬᠡᠯ ᠤᠨ ᠨᠡᠶᠢᠭᠡᠮᠯᠢᠭ ᠤᠨ ᠬᠠᠮᠲᠤᠷᠠᠨ ᠡᠷᠬᠢᠯᠡᠭᠰᠡᠨ ᠢᠦᠢ ᠴᠢᠤᠸᠠᠨ ᠲᠣᠭᠤᠷᠢᠭ ᠤᠨ 2024 ᠣᠨ ᠤ ᠪᠦᠬᠦ ᠠᠷᠠᠳ ᠤᠨ ᠤᠩᠰᠢᠯᠭ᠎ᠠ᠂ ᠬᠡᠪᠯᠡᠯ ᠤᠨ ᠡᠷᠬᠡ ᠶᠢᠨ ᠤᠬᠠᠭᠤᠯᠭ᠎ᠠ ᠵᠢᠴᠢ 2024 ᠣᠨ ᠤ ᠤᠯᠠᠨ ᠨᠡᠶᠢᠲᠡ ᠶᠢᠨ ᠨᠣᠮ ᠤᠨ ᠰᠠᠩ ᠤᠨ ᠦᠢᠯᠡᠴᠢᠯᠡᠭᠡᠨ ᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠢ ᠳ᠋ᠠ ᠱᠧᠩ ᠺᠦᠢ ᠬᠤᠶᠢᠲᠤ ᠲᠣᠭᠤᠷᠢᠭ ᠤᠨ ᠠᠭᠤᠳᠠᠮ ᠲᠠᠯᠠᠪᠠᠢ ᠳᠤ ᠲᠣᠭᠯᠠᠬᠤ ᠪᠠᠷ ᠪᠤᠢ᠃      ᠲᠤᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠪᠦᠬᠦ ᠠᠷᠠᠳ ᠢᠶᠠᠷ ᠢᠶᠠᠨ ᠨᠣᠮ ᠤᠩᠰᠢᠬᠤ ᠶᠢ ᠰᠠᠨᠠᠭᠠᠴᠢᠯᠠᠵᠤ᠂ ᠨᠣᠮ ᠤᠩᠰᠢᠬᠤ ᠶᠠᠪᠤᠳᠠᠯ ᠢ ᠨᠢᠭᠡ ᠵᠦᠢᠯ ᠤᠨ ᠳᠠᠳᠬᠠᠯ ᠪᠣᠯᠭᠠᠵᠤ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠪᠠ ᠰᠦᠯᠵᠢᠶᠡᠨ ᠳᠡᠭᠡᠷ᠎ᠡ ᠳᠡᠯᠭᠡᠷᠡᠭᠦᠯᠬᠦ ᠪᠠᠷ ᠳᠠᠮᠵᠢᠭᠤᠯᠤᠨ᠂ ᠬᠤᠲᠠ ᠶᠢᠨ ᠠᠷᠠᠳ ᠲᠤ ᠨᠡᠩ ᠣᠯᠠᠨ ᠤᠩᠰᠢᠯᠭ᠎ᠠ ᠶᠢᠨ ᠡᠬᠢ ᠪᠠᠶᠠᠯᠢᠭ ᠬᠠᠩᠭᠠᠵᠤ᠂ ᠬᠤᠲᠠ ᠶᠢᠨ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠪᠢᠴᠢᠭ ᠤᠨ ᠰᠤᠷᠪᠤᠯᠵᠢᠲᠤ ᠨᠡᠶᠢᠭᠡᠮ ᠢ ᠴᠣᠭᠴᠠᠯᠠᠨ ᠪᠠᠶᠢᠭᠤᠯᠵᠤ᠂ ᠬᠡᠪᠯᠡᠯ ᠤᠨ ᠡᠷᠬᠡ ᠶᠢᠨ ᠤᠬᠠᠭᠤᠯᠭ᠎ᠠ ᠶᠢ ᠴᠢᠩᠭᠠᠳᠬᠠᠵᠤ᠂ ᠣᠯᠠᠨ ᠵᠦᠢᠯ ᠤᠨ ᠬᠡᠯᠪᠡᠷᠢ ᠶᠢᠨ ᠤᠬᠠᠭᠤᠯᠭ᠎ᠠ ᠪᠠᠷ ᠳᠠᠮᠵᠢᠭᠤᠯᠤᠨ᠂ ᠬᠤᠲᠠ ᠶᠢᠨ ᠠᠷᠠᠳ ᠤᠨ ᠬᠡᠪᠯᠡᠯ ᠤᠨ ᠡᠷᠬᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠶ ᠣᠶᠢᠯᠠᠭᠠᠯᠲᠠ ᠶᠢ ᠭᠦᠨᠵᠡᠭᠡᠶᠢᠷᠡᠭᠦᠯᠵᠦ᠂ ᠣᠯᠠᠨ ᠤ ᠬᠡᠪᠯᠡᠯ ᠤᠨ ᠡᠷᠬᠡ ᠶᠢᠨ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠵᠦ᠂ ᠤᠤᠭᠠᠯ ᠪᠦᠲᠦᠭᠡᠯ ᠤᠨ ᠡᠷᠬᠡ ᠠᠰᠢᠭ ᠢ ᠬᠠᠮᠠᠭᠠᠯᠠᠵᠤ᠂ ᠰᠢᠯᠢᠳᠡᠭ ᠤᠩᠰᠢᠭᠴᠢᠳ ᠢ ᠬᠥᠬᠢᠭᠦᠯᠦᠨ ᠰᠠᠶᠢᠰᠢᠶᠠᠵᠤ᠂ ᠨᠠᠩ ᠣᠯᠠᠨ ᠬᠥᠮᠦᠰ ᠤᠨ ᠤᠩᠰᠢᠯᠭ᠎ᠠ ᠶᠢᠨ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠶᠢ ᠬᠥᠭᠵᠢᠭᠡᠵᠦ᠂ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ᠂ ᠰᠣᠶᠣᠯ ᠤᠨ ᠳᠠᠪᠰᠢᠯᠲᠠ ᠶᠢ ᠳᠥᠯᠭᠢᠨ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠵᠦ᠂ ᠨᠠᠩ ᠣᠯᠠᠨ ᠬᠥᠮᠦᠰ ᠢ ᠨᠣᠮ ᠤᠩᠰᠢᠬᠤ ᠳᠤᠷᠠᠲᠠᠶ ᠪᠣᠯᠭᠠᠵᠤ᠂ ᠤᠩᠰᠢᠯᠭ᠎ᠠ ᠶᠢᠨ ᠪᠠᠶᠠᠷ ᠪᠠᠭ᠋ᠠᠳᠤᠯ ᠢ ᠡᠳ᠋ᠯᠡᠭᠦᠯᠦᠨ᠎ᠡ᠂ ᠪᠥᠬᠦ ᠨᠡᠶᠢᠭᠡᠮ ᠤᠨ ᠬᠠᠮᠲᠤ ᠶᠢᠨ ᠴᠢᠷᠮᠠᠶᠢᠯᠭ᠎ᠠ ᠳᠣᠤᠷ᠎ᠠ᠂ ᠪᠢᠴᠢᠭ ᠤᠨ ᠰᠤᠷᠪᠤᠯᠵᠢᠲᠤ ᠢᠦᠢ ᠴᠢᠤᠸᠠᠨ ᠤ ᠢᠷᠡᠭᠡᠳᠦᠶ ᠯᠠᠪᠲᠠᠶ ᠨᠠᠩ ᠰᠠᠶᠢᠨ ᠰᠠᠶᠢᠬᠠᠨ ᠪᠣᠯᠤᠨ᠎ᠠ ᠭᠡᠳᠡᠭ ᠢ ᠪᠢᠳᠡ ᠢᠲᠡᠭᠡᠵᠦ ᠪᠠᠶᠢᠨ᠎ᠠ᠃      ᠠᠵᠢᠯᠯᠠᠭ᠎ᠠ ᠶᠢᠨ ᠴᠠᠭ᠄ 2024 ᠣᠨ ᠤ 4 ᠳ᠋ᠤᠭᠡᠷ ᠰᠠᠷ᠎ᠠ ᠶᠢᠨ 20 ᠤ ᠡᠳᠦᠷ ᠤᠨ ᠦᠳᠡ ᠶᠢᠨ ᠡᠮᠦᠨᠡᠬᠢ 10 ᠴᠠᠭ      ᠠᠵᠢᠯᠯᠠᠭ᠎ᠠ ᠶᠢᠨ ᠭᠠᠵᠠᠷ᠄ ᠳ᠋ᠠ ᠱᠧᠩ ᠺᠦᠶ ᠰᠤᠶᠤᠯ ᠤᠨ ᠡᠭᠦᠳᠦᠯᠲᠡ ᠶᠢᠨ ᠬᠦᠷᠢᠶᠡᠯᠡᠩ ᠤᠨ ᠬᠤᠶᠢᠲᠤ ᠲᠣᠭᠤᠷᠢᠭ      ᠠᠵᠢᠯᠯᠠᠭ᠎ᠠ ᠶᠢᠨ ᠠᠭᠤᠯᠭ᠎ᠠ᠄      ᠤᠩᠰᠢᠭᠴᠢᠳ ᠤᠨ ᠬᠥᠬᠢᠭᠦᠯᠦᠯ᠄ ᠬᠥᠲᠥᠯᠥᠭᠴᠢ ᠠᠴᠠ ᠳᠡᠯᠡᠬᠡᠶ ᠶᠢᠨ ᠨᠣᠮ ᠤᠩᠰᠢᠬᠤ ᠡᠳᠦᠷ ᠤᠨ ᠬᠤᠯᠪᠣᠭᠳᠠᠯ ᠪᠥᠬᠦᠶ ᠮᠡᠳᠡᠯᠭᠡ ᠶᠢ ᠲᠠᠨᠢᠯᠴᠠᠭᠤᠯᠵᠤ᠂ ᠨᠣᠮ ᠤᠨ ᠰᠠᠩ ᠠᠴᠠ ᠨᠤᠮ ᠵᠢᠭᠡᠯᠡᠨ ᠤᠩᠰᠢᠭᠰᠠᠨ ᠨᠡᠷᠡᠰ ᠤᠨ ᠵᠢᠭᠰᠠᠭᠠᠯᠲᠠ ᠶᠢᠨ ᠰᠢᠯᠢᠳᠡᠭ ᠤᠩᠰᠢᠭᠴᠢᠳ ᠢ ᠤᠷᠢᠵᠤ᠂ ᠤᠩᠰᠢᠭᠴᠢᠳ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠢᠵᠦ᠂ ᠦᠨᠡᠮᠯᠡᠯ ᠪᠠ ᠱᠠᠩᠨᠠᠯ ᠭᠠᠷᠳᠠᠭᠤᠯᠤᠨ᠎ᠠ᠃      ᠤᠷᠠᠨ ᠤᠩᠰᠢᠯᠭ᠎ᠠ ᠶᠢᠨ ᠨᠡᠶᠢᠭᠡᠮᠯᠢᠭ ᠠᠴᠠ ᠣᠩᠰᠢᠬᠤ᠄ ᠥᠪᠥᠷ ᠮᠣᠩᠭᠤᠯ ᠤᠨ ᠨᠡᠪᠲᠡᠷᠡᠭᠦᠯᠦᠭᠴᠢ ᠬᠦᠲᠦᠯᠦᠭᠴᠢ ᠤᠷᠠᠨ ᠤᠩᠰᠢᠯᠭ᠎ᠠ ᠶᠠᠷᠢᠶ᠎ᠠ ᠢᠯᠡᠳᠬᠡᠯ ᠤᠨ ᠨᠡᠶᠢᠭᠡᠮᠯᠢᠭ ᠤᠨ ᠬᠢᠨ ᠭᠤᠣᠯ ᠰᠡᠳᠦᠪᠲᠦ ᠤᠷᠠᠨ ᠤᠩᠰᠢᠯᠭ᠎ᠠ ᠶᠢᠨ ᠰᠢᠷᠢᠰ ᠫᠷᠤᠭ᠍ᠷᠠᠮ ᠢ ᠲᠤᠬᠠᠢ ᠶᠢᠨ ᠲᠠᠯᠠᠪᠠᠢ ᠳᠤ ᠲᠣᠭᠯᠠᠨ᠎ᠠ᠃      ᠭᠠᠷ ᠦᠢᠯᠡᠳᠭᠡᠯ᠄ ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ DIY ᠬᠠᠭᠤᠷᠠᠶ ᠬᠤᠸᠠᠷᠲᠤ ᠨᠣᠮ ᠤᠨ ᠱᠣᠰᠢᠭ᠎ᠠ ᠶᠢᠨ ᠣᠷᠣᠨ ᠭᠠᠷᠭᠠᠵᠤ᠂ ᠤᠩᠰᠢᠭᠴᠢᠳ ᠲᠥᠰᠦᠭᠡᠯᠡᠨ ᠪᠤᠳᠤᠬᠤ ᠴᠢᠳᠠᠪᠤᠷᠢ ᠪᠠᠨ ᠪᠠᠳᠠᠷᠠᠭᠤᠯᠤᠨ᠂ ᠤᠮᠠᠷᠠᠲᠤ ᠬᠢᠯᠢ ᠶᠢᠨ ᠰᠣᠶᠣᠯ ᠤᠨ ᠬᠠᠮᠢᠶ᠎ᠠ ᠪᠥᠬᠦᠶ ᠵᠣᠬᠢᠶᠠᠨ ᠪᠦᠲᠦᠭᠡᠬᠦ ᠠᠵᠢᠯᠯᠠᠭ᠎ᠠ ᠶᠠᠪᠤᠭᠳᠠᠭᠤᠯᠤᠨ᠎ᠠ᠃ ᠲᠤᠭ᠎ᠠ ᠬᠡᠮᠵᠢᠶ᠎ᠡ ᠨᠢ ᠬᠢᠵᠠᠭᠠᠷ ᠲᠠᠢ᠂ ᠤᠷᠢᠳᠠᠪᠠᠷ ᠬᠦᠷᠬᠦ ᠨᠢ ᠤᠷᠢᠳᠠᠪᠠᠷ ᠣᠯᠤᠨ᠎ᠠ᠃      ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ᠄ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠣᠷᠣᠨ ᠭᠠᠷᠭᠠᠵᠤ ᠲᠤᠬᠠᠢ ᠶᠢᠨ ᠲᠠᠯᠠᠪᠠᠢ ᠶᠢᠨ ᠤᠩᠰᠢᠭᠴᠢᠳ ᠤᠨ ᠤᠷᠤᠯᠴᠠᠵᠤ ᠤᠶᠢᠯᠠᠭᠠᠬᠤ ᠳᠤ ᠬᠠᠩᠭᠠᠨ᠎ᠠ᠃      ᠪᠤᠰᠤᠳ ᠠᠵᠢᠯᠯᠠᠭ᠎ᠠ᠄ ᠲᠤᠬᠠᠶ ᠶᠢᠨ ᠲᠠᠯᠠᠪᠤᠷ ᠲᠤ ᠺᠠᠷᠲ ᠵᠢᠭᠡᠯᠡᠨ ᠤᠩᠰᠢᠬᠤ᠂ ᠬᠡᠪᠯᠡᠯ ᠤᠨ ᠡᠷᠬᠡ ᠶᠢᠨ ᠡᠳᠦᠷ ᠤᠨ ᠤᠬᠠᠭᠤᠯᠭ᠎ᠠ ᠵᠡᠷᠭᠡ᠃      ᠣᠷᠣᠯᠴᠠᠬᠤ ᠠᠷᠭ᠎ᠠ ᠮᠠᠶ᠋ᠢᠭ᠄ ᠲᠤᠬᠠᠶ ᠶᠢᠨ ᠲᠠᠯᠠᠪᠤᠷ ᠲᠤ ᠣᠷᠣᠯᠴᠠᠬᠤ         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号