ᠢᠦᠶ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠠᠷᠢᠶ᠎ᠠ ᠣᠷᠣᠨ ᠤ ᠪᠠᠨ ᠳᠣᠲᠣᠷᠠᠬᠢ ᠵᠢᠭᠤᠯᠴᠢᠯᠠᠯ ᠤᠨ ᠭᠡᠷᠡᠯ ᠵᠢᠷᠤᠭ ᠰᠡᠭᠦᠳᠡᠷᠯᠡᠬᠦ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠣᠯᠪᠠᠰᠤᠷᠠᠭᠤᠯᠤᠯ ᠥᠷᠨᠢᠭᠦᠯᠪᠡ
ᠨᠡᠶᠢᠲᠡᠯᠡᠭᠰᠡᠨ ᠴᠠᠭ᠄
2024/4/18
     ᠣᠶᠢᠷ᠎ᠠ ᠶᠢᠨ ᠵᠢᠯ ᠤᠳ ᠲᠤ ᠵᠢᠭᠤᠯᠴᠢᠯᠠᠯ ᠤᠨ ᠭᠡᠷᠡᠯ ᠵᠢᠷᠤᠭ ᠰᠡᠭᠦᠳᠡᠷᠯᠡᠬᠦ ᠨᠢ ᠨᠢᠭᠡᠨᠲᠡ ᠵᠢᠭᠤᠯᠴᠢᠯᠠᠯ ᠤᠨ ᠰᠢᠨ᠎ᠡ ᠬᠡᠪ ᠰᠤᠷᠲᠠᠯ ᠪᠣᠯᠵᠣ᠂ ᠵᠢᠭᠤᠯᠴᠢᠯᠠᠯ ᠤᠨ ᠭᠡᠷᠡᠯ ᠵᠢᠷᠤᠭ ᠰᠡᠭᠦᠳᠡᠷᠯᠡᠬᠦ ᠵᠠᠬ᠎ᠠ ᠳᠡᠯᠭᠡᠭᠦᠷ ᠤᠨ ᠬᠥᠭᠵᠢᠯᠲᠡ ᠬᠥᠭᠵᠢᠶᠡᠨᠲᠡᠶ ᠪᠣᠯᠵᠣ᠂ ᠵᠢᠭᠤᠯᠴᠢᠯᠠᠯ ᠤᠨ ᠬᠦᠭᠵᠢᠶᠡᠨᠲᠡᠢ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠬᠠᠷᠢᠶᠠᠲᠤ ᠣᠷᠣᠨ ᠤ ᠳᠣᠲᠣᠷᠠᠬᠢ ᠦᠵᠡᠮᠵᠢ ᠶᠢᠨ ᠣᠷᠣᠨ ᠤ ᠵᠢᠭᠤᠯᠴᠢᠯᠠᠯ ᠤᠨ ᠭᠡᠷᠡᠯ ᠵᠢᠷᠤᠭ ᠰᠡᠭᠦᠳᠡᠷᠯᠡᠬᠦ ᠵᠢᠭᠤᠯᠴᠢᠯᠠᠭᠴᠢᠳ ᠲᠠᠰᠤᠷᠠᠯᠲᠠ ᠥᠬᠡᠶ ᠣᠯᠠᠰᠢᠷᠠᠵᠤ ᠪᠠᠶᠢᠨ᠎ᠠ᠃ ᠬᠠᠷᠢᠶᠠᠲᠤ ᠣᠷᠣᠨ ᠤ ᠳᠣᠲᠣᠷᠠᠬᠢ ᠵᠢᠭᠤᠯᠴᠢᠯᠠᠯ ᠤᠨ ᠭᠡᠷᠡᠯ ᠵᠢᠷᠤᠭ ᠰᠡᠭᠦᠳᠡᠷᠯᠡᠬᠦ ᠠᠵᠤ ᠠᠬᠤᠶᠢᠯᠠᠯ ᠤᠨ ᠠᠵᠢᠯᠲᠠᠨ ᠤ ᠬᠠᠤᠯᠢ ᠴᠠᠭᠠᠵᠠ ᠶᠢᠨ ᠬᠡᠪ ᠪᠣᠯᠪᠠᠰᠤᠷᠠᠯ ᠪᠠ ᠡᠵᠡᠩᠨᠡᠯᠲᠡ ᠶᠢᠨ ᠤᠬᠠᠮᠰᠠᠷ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠦᠶ ᠴᠢᠤᠸᠠᠨ ᠲᠣᠭᠤᠷᠢᠭ ᠤᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠳᠥᠯᠭᠢᠨ ᠠᠬᠢᠭᠤᠯᠬᠤ ᠶᠢᠨ ᠲᠦᠯᠦᠭᠡ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠢᠦᠶ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠲᠦᠩ ᠱᠦᠨ ᠵᠡᠭᠡᠯᠢ ᠶᠢᠨ ᠲᠣᠮᠢᠯᠠᠭᠰᠠᠨ ᠰᠠᠯᠪᠤᠷᠢ᠂ ᠤᠮᠠᠷᠠᠲᠤ ᠬᠢᠯᠢ ᠶᠢᠨ ᠠᠯᠪᠠᠨ ᠭᠡᠷᠡᠴᠢᠯᠡᠭᠡ ᠶᠢᠨ ᠭᠠᠵᠠᠷ ᠬᠠᠮᠲᠤᠷᠠᠨ ᠨᠢᠭᠡ ᠤᠳᠠᠭᠠᠨ ᠤ ᠵᠢᠭᠤᠯᠴᠢᠯᠠᠯ ᠤᠨ ᠭᠡᠷᠡᠯ ᠵᠢᠷᠤᠭ ᠰᠡᠭᠦᠳᠡᠷᠯᠡᠬᠦ ᠠᠵᠤ ᠠᠬᠤᠶᠢᠯᠠᠯ ᠳᠤ ᠬᠠᠨᠳᠤᠭᠤᠯᠤᠭᠰᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠣᠯᠪᠠᠰᠤᠷᠠᠭᠤᠯᠤᠯ ᠢ ᠥᠷᠨᠢᠭᠦᠯᠪᠡ᠃      ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠠᠵᠢᠯᠲᠠᠳ ᠵᠢᠭᠤᠯᠴᠢᠯᠠᠯ ᠤᠨ ᠭᠡᠷᠡᠯ ᠵᠢᠷᠤᠭ ᠰᠡᠭᠦᠳᠡᠷᠯᠡᠬᠦ ᠠᠵᠢᠯ ᠲᠥᠷᠥᠯ ᠤᠨ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠶ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠵᠦ᠂ ᠵᠢᠭᠤᠯᠴᠢᠯᠠᠯ ᠤᠨ ᠭᠡᠷᠡᠯ ᠵᠢᠷᠤᠭ ᠰᠡᠭᠦᠳᠡᠷᠯᠡᠬᠦ ᠭᠡᠷ᠎ᠡ ᠲᠣᠭᠲᠠᠬᠤ᠂ ᠰᠡᠭᠦᠳᠡᠷᠯᠡᠬᠦ ᠶᠠᠪᠤᠴᠠ ᠳᠠᠬᠢ ᠡᠷᠬᠡ ᠠᠰᠢᠭ ᠤᠨ ᠬᠠᠮᠠᠭᠠᠯᠠᠯᠲᠠ᠂ ᠬᠡᠪᠯᠡᠯ ᠤᠨ ᠡᠷᠬᠡ ᠶᠢᠨ ᠬᠠᠷᠢᠶᠠᠯᠠᠯ ᠵᠡᠷᠭᠡ ᠣᠯᠠᠨ ᠲᠠᠯ᠎ᠠ ᠳᠤ ᠬᠤᠯᠪᠣᠭᠳᠠᠨ᠂ ᠪᠣᠯᠪᠠᠰᠤᠷᠠᠭᠤᠯᠤᠯ ᠳᠤ ᠣᠷᠣᠯᠴᠠᠬᠤ ᠠᠵᠤ ᠠᠬᠤᠶᠢᠯᠠᠯ ᠳᠤ ᠨᠠᠷᠢᠨ ᠲᠣᠳᠣᠷᠬᠠᠶ ᠬᠠᠤᠯᠢ ᠴᠠᠭᠠᠵᠠ ᠶᠢᠨ ᠵᠢᠯᠣᠭᠤᠳᠣᠯᠭ᠎ᠠ ᠬᠠᠩᠭᠠᠭᠰᠠᠨ ᠪᠠᠶᠢᠨ᠎ᠠ᠃ ᠡᠭᠦᠨ ᠤ ᠵᠡᠷᠭᠡ ᠳᠤ᠂ ᠣᠶᠢᠷ᠎ᠠ ᠶᠢᠨ ᠵᠢᠯ ᠤᠳ ᠲᠤ ᠵᠢᠭᠤᠯᠴᠢᠯᠠᠯ ᠤᠨ ᠭᠡᠷᠡᠯ ᠵᠢᠷᠤᠭ ᠰᠡᠭᠦᠳᠡᠷᠯᠡᠬᠦ ᠠᠵᠢᠯ ᠲᠥᠷᠥᠯ ᠳᠤ ᠡᠭᠦᠰᠦᠭᠰᠡᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠠᠵᠢᠯᠲᠠᠳ ᠰᠡᠭᠦᠳᠡᠷᠯᠡᠬᠦ ᠠᠵᠤ ᠠᠬᠤᠶᠢᠯᠠᠯ ᠳᠤ ᠲᠤᠯᠭᠠᠷᠠᠵᠤ ᠮᠡᠳᠡᠬᠦ ᠬᠠᠤᠯᠢ ᠴᠠᠭᠠᠵᠠ ᠶᠢᠨ ᠠᠶᠤᠯ ᠲᠦᠭᠰᠢᠭᠦᠷᠢ ᠳᠤ ᠭᠦᠨᠵᠡᠭᠡᠶ ᠵᠠᠳᠠᠯᠤᠯᠲᠠ ᠬᠢᠭᠰᠡᠨ ᠪᠥᠭᠡᠳ ᠬᠠᠨᠳᠤᠯᠭᠠᠲᠤ ᠴᠢᠨᠠᠷᠲᠠᠶ ᠰᠡᠷᠭᠡᠶᠢᠯᠡᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠶ᠃ ᠪᠣᠯᠪᠠᠰᠤᠷᠠᠭᠤᠯᠤᠯ ᠤᠨ ᠶᠠᠪᠤᠴᠠ ᠳᠤ᠂ ᠪᠣᠯᠪᠠᠰᠤᠷᠠᠭᠤᠯᠤᠯ ᠳᠤ ᠣᠷᠣᠯᠴᠠᠭᠰᠠᠨ ᠠᠵᠤ ᠠᠬᠤᠶᠢᠯᠠᠯ ᠤᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠶ ᠣᠶᠢᠯᠠᠭᠠᠯᠲᠠ ᠪᠠ ᠲᠠᠨᠢᠯᠲᠠ ᠶᠢ ᠴᠢᠩᠭᠠᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠵᠢᠭᠤᠯᠴᠢᠯᠠᠯ ᠤᠨ ᠭᠡᠷᠡᠯ ᠵᠢᠷᠤᠭ ᠰᠡᠭᠦᠳᠡᠷᠯᠡᠬᠦ ᠶᠠᠪᠤᠴᠠ ᠳᠠᠬᠢ ᠠᠵᠤ ᠠᠬᠤᠶᠢᠯᠠᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠪᠡ ᠭᠡᠵᠡᠶ᠃      ᠢᠷᠡᠭᠡᠳᠦᠢ ᠳᠤ ᠢᠦᠢ ᠴᠢᠤᠸᠠᠨ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶ᠎ᠠ ᠠᠴᠠ ᠬᠠᠷᠢᠶ᠎ᠠ ᠣᠷᠣᠨ ᠤ ᠪᠠᠨ ᠵᠢᠭᠤᠯᠴᠢᠯᠠᠯ ᠤᠨ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠤᠬᠠᠭᠤᠯᠤᠨ ᠲᠠᠶᠢᠯᠪᠤᠷᠢᠯᠠᠬᠤ ᠪᠠᠨ ᠴᠢᠩᠭᠠᠳᠬᠠᠵᠤ᠂ ᠵᠢᠭᠤᠯᠴᠢᠯᠠᠯ ᠤᠨ ᠠᠵᠢᠯ ᠲᠦᠷᠦᠯ ᠤᠨ ᠠᠵᠢᠯᠯᠠᠭᠴᠢᠳ ᠤᠨ ᠬᠠᠤᠯᠢ ᠴᠠᠭᠠᠵᠠ ᠶᠢᠨ ᠤᠬᠠᠮᠰᠠᠷ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠠᠬᠢᠭᠤᠯᠵᠤ᠂ ᠬᠡᠷᠡᠭᠯᠡᠭᠴᠢᠳ ᠤᠨ ᠡᠷᠬᠡ ᠠᠰᠢᠭ ᠢ ᠤᠯᠠᠮ ᠴᠢᠨᠠᠭᠰᠢᠳᠠ ᠰᠠᠶᠢᠲᠤᠷ ᠬᠠᠮᠠᠭᠠᠯᠠᠬᠤ ᠬᠡᠷᠡᠭᠲᠡᠢ᠃ ᠵᠤᠭᠠᠴᠠᠭᠰᠠᠳ ᠲᠤ ᠨᠠᠩ ᠠᠮᠤᠷ ᠲᠦᠪᠰᠢᠨ᠂ ᠳᠥᠭᠦᠮ ᠳᠥᠲᠡ᠂ ᠴᠢᠨᠠᠷ ᠰᠠᠶᠢᠲᠠᠶ ᠵᠢᠭᠤᠯᠴᠢᠯᠠᠯ ᠤᠨ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ᠂ ᠡᠶ᠎ᠡ ᠵᠣᠬᠢᠴᠠᠯ ᠲᠠᠢ ᠡᠷᠡᠭᠦᠯ ᠰᠠᠷᠠᠭᠤᠯ ᠵᠢᠭᠤᠯᠴᠢᠯᠠᠯ ᠤᠨ ᠣᠷᠴᠢᠨ ᠲᠣᠭᠤᠷᠢᠨ ᠢ ᠬᠠᠮᠲᠤᠪᠠᠷ ᠪᠥᠲᠥᠭᠡᠨ ᠪᠠᠶᠢᠭᠤᠯᠵᠤ᠂ ᠬᠠᠷᠢᠶᠠᠲᠤ ᠣᠷᠣᠨ ᠤ ᠳᠣᠲᠣᠷᠠᠬᠢ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃           ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号