ᠬᠥᠬᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠡᠮᠦᠨ᠎ᠡ ᠲᠣᠭᠤᠷᠢᠭ ︵ᠪᠠᠭ᠎ᠠ ᠰᠤᠷᠭᠠᠭᠤᠯᠢ ᠶᠢᠨ ᠬᠡᠯᠲᠡᠰ︶ ᠤᠨ ᠰᠣᠷᠣᠭᠴᠢ ᠡᠯᠰᠡᠬᠦ ᠠᠷᠭ᠎ᠠ ᠵᠢᠴᠢ ᠬᠡᠰᠡᠭ ᠬᠤᠪᠢᠶᠠᠬᠤ ᠬᠡᠪᠴᠢᠶ᠎ᠡ ᠶᠢᠨ ᠠᠯᠪᠠᠨ ᠵᠠᠷ
ᠨᠡᠶᠢᠲᠡᠯᠡᠭᠰᠡᠨ ᠴᠠᠭ᠄
2024/4/19
     ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠰᠤᠷᠤᠯᠴᠠᠬᠤ ᠳᠤ ᠲᠣᠬᠢᠷᠠᠮᠵᠢᠲᠠᠶ ᠬᠤᠲᠠ︾ ᠶᠢ ᠪᠥᠲᠥᠭᠡᠨ ᠪᠠᠶᠢᠭᠤᠯᠬᠤ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠢᠦᠶ ᠴᠢᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠂ ᠬᠤᠲᠠ ᠶᠢᠨ ᠲᠣᠭᠤᠷᠢᠭ ᠤᠨ ᠬᠤᠲᠠ ᠶᠢᠨ ᠡᠮᠦᠨᠡᠬᠢ ᠬᠡᠰᠡᠭ ᠲᠣᠭᠤᠷᠢᠭ ᠤᠨ ᠰᠠᠭᠤᠷᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠳᠤᠲᠠᠭᠤᠳᠠᠯ ᠢ ᠨᠥᠬᠦᠪᠥᠷᠢᠯᠡᠬᠦ ᠶᠢᠨ ᠲᠤᠰᠠᠳᠠ᠂ 2021 ᠣᠨ ᠳᠤ ᠢᠦᠶ ᠴᠢᠤᠸᠠᠨ ᠲᠣᠭᠤᠷᠢᠭ ᠤᠨ ᠬᠥᠬᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠡᠮᠦᠨ᠎ᠡ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠪᠡ᠃ ᠲᠤᠰ ᠰᠤᠷᠭᠠᠭᠤᠯᠢ ᠶᠢᠨ ᠲᠣᠭᠤᠷᠢᠭ ᠨᠢ ᠰᠢᠯᠢ ᠶᠢᠨ ᠡᠮᠦᠨ᠎ᠡ ᠵᠠᠮ ᠪᠣᠯᠤᠨ ᠦᠬᠠᠢ ᠶᠢᠨ ᠵᠡᠭᠦᠨ ᠵᠡᠭᠡᠯᠢ ᠶᠢᠨ ᠠᠭᠤᠯᠵᠠᠷ ᠤᠨ ᠵᠡᠭᠦᠨ ᠡᠮᠦᠨ᠎ᠡ ᠪᠠᠶᠢᠷᠢᠯᠠᠵᠤ᠂ ᠶᠢᠰᠦᠨ ᠵᠢᠯ ᠤᠨ ᠳᠦᠷᠢᠮᠲᠦ ᠰᠤᠷᠭᠠᠭᠤᠯᠢ ᠪᠣᠯᠤᠨ᠎ᠠ᠃ ᠰᠤᠷᠭᠠᠭᠤᠯᠢ 2024 ᠣᠨ ᠤ 9 ᠳ᠋ᠤᠭᠡᠷ ᠰᠠᠷ᠎ᠠ ᠳᠤ ᠠᠰᠢᠭᠯᠠᠯᠲᠠ ᠳᠤ ᠤᠷᠤᠬᠤ ᠪᠥᠭᠡᠳ ᠨᠢᠭᠡᠳᠦᠭᠡᠷ ᠣᠨ ᠤ ᠰᠣᠷᠣᠭᠴᠢ ᠶᠢ ᠡᠯᠰᠡᠨ᠎ᠡ᠃ ᠡᠳᠦᠭᠡ ᠰᠣᠷᠣᠭᠴᠢ ᠡᠯᠰᠡᠬᠦ ᠠᠷᠭ᠎ᠠ ᠵᠢᠴᠢ ᠬᠡᠰᠡᠭ ᠬᠤᠪᠢᠶᠠᠬᠤ ᠬᠡᠪᠴᠢᠶ᠎ᠡ ᠶᠢ ᠳᠣᠤᠷᠠᠬᠢ ᠮᠡᠲᠦ ᠵᠠᠷᠯᠠᠶ᠎ᠠ᠄      ᠨᠢᠭᠡ᠂ ᠰᠤᠷᠤᠭᠴᠢ ᠡᠯᠰᠡᠬᠦ ᠠᠷᠭ᠎ᠠ      ᠬᠥᠬᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠡᠮᠦᠨ᠎ᠡ ᠲᠣᠭᠤᠷᠢᠭ ︵ᠪᠠᠭ᠎ᠠ ᠰᠤᠷᠭᠠᠭᠤᠯᠢ ᠶᠢᠨ ᠬᠡᠯᠲᠡᠰ︶ ᠨᠢ ᠲᠣᠭᠲᠠᠮᠠᠯ ᠬᠡᠰᠡᠭ ᠲᠣᠭᠤᠷᠢᠭ ᠬᠢᠭᠡᠳ ᠬᠠᠮᠲᠤᠪᠠᠷ ᠭᠥᠷᠳᠡᠬᠦ ᠬᠡᠰᠡᠭ ᠲᠣᠭᠤᠷᠢᠭ ᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠰᠣᠷᠣᠭᠴᠢ ᠡᠯᠰᠡᠨ᠎ᠡ᠃ 2024 ᠣᠨ ᠳᠤ ᠲᠣᠭᠲᠠᠮᠠᠯ ᠬᠡᠰᠡᠭ ᠲᠣᠭᠤᠷᠢᠭ ᠪᠠ ᠬᠠᠮᠲᠤ ᠪᠠᠷ ᠡᠳ᠋ᠯᠡᠬᠦ ᠬᠡᠰᠡᠭ ᠲᠣᠭᠤᠷᠢᠭ ᠤᠨ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠰᠤᠷᠭᠠᠭᠤᠯᠢ ᠳᠤ ᠣᠷᠣᠬᠤ ᠳᠤ᠂ ᠡᠷᠬᠡᠪᠰᠢ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠶᠢ ᠳᠠᠭᠠᠵᠤ ᠬᠡᠷ ᠪᠠᠶᠢᠰᠢᠩ ᠬᠤᠳᠠᠯᠳᠤᠨ ᠠᠪᠴᠤ ᠡᠷᠦᠬᠡ ᠠᠮᠠ ᠣᠷᠣᠬᠤ ᠮᠥᠷᠲᠡᠭᠡᠨ ᠬᠡᠷ ᠪᠠᠶᠢᠰᠢᠩ ᠡᠷᠦᠬᠡ ᠠᠮᠠ ᠶᠢᠨ ᠨᠢᠭᠡᠳᠦᠯᠲᠡᠶ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ ︵ᠡᠷᠦᠬᠡ ᠠᠮᠠ ᠤᠷᠤᠭᠰᠠᠨ ᠴᠠᠭ ᠨᠢ 2024 ᠣᠨ ᠤ 5 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ︶᠃ 2025 ᠣᠨ ᠠᠴᠠ ᠡᠬᠢᠯᠡᠨ ᠡᠷᠬᠡᠪᠰᠢ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠶᠢ ᠳᠠᠭᠠᠵᠤ ᠬᠡᠷ ᠪᠠᠶᠢᠰᠢᠩ ᠬᠤᠳᠠᠯᠳᠤᠨ ᠠᠪᠴᠤ ᠡᠷᠦᠬᠡ ᠠᠮᠠ ᠤᠷᠤᠬᠤ ᠮᠥᠷᠲᠡᠭᠡᠨ ᠬᠡᠷ ᠪᠠᠶᠢᠰᠢᠩ ᠨᠢ ᠨᠢᠭᠡᠳᠦᠯᠲᠡᠶ ᠪᠦᠬᠦᠯᠢ ᠨᠢᠭᠡ ᠵᠢᠯ ᠪᠣᠯᠬᠤ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ ︵ᠲᠤᠬᠠᠶᠢᠯᠠᠪᠠᠯ᠄ 2025 ᠣᠨ ᠳᠤ ᠰᠤᠷᠭᠠᠭᠤᠯᠢ ᠳᠤ ᠤᠷᠤᠪᠠᠯ ᠡᠷᠦᠬᠡ ᠠᠮᠠ ᠤᠷᠤᠭᠰᠠᠨ ᠴᠠᠭ ᠨᠢ ᠡᠷᠬᠡᠪᠰᠢ 2024 ᠣᠨ ᠤ 9 ᠳ᠋ᠤᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠪᠠᠶᠢᠬᠤ ᠬᠡᠷᠡᠭᠲᠡᠶ︶᠃      ︵ᠨᠢᠭᠡ︶ ᠲᠣᠭᠲᠠᠮᠠᠯ ᠬᠡᠰᠡᠭ ᠣᠷᠣᠨ ᠤ ᠰᠣᠷᠣᠭᠴᠢ ᠡᠯᠰᠡᠬᠦ ᠠᠷᠭ᠎ᠠ      ᠲᠣᠭᠲᠠᠮᠠᠯ ᠬᠡᠰᠡᠭ ᠣᠷᠣᠨ ᠳᠤ ᠵᠥᠪᠬᠡᠨ ᠣᠷᠣᠨ ᠪᠦᠰᠡ ᠶᠢᠨ ᠳᠣᠲᠣᠷᠠᠬᠢ ᠬᠡᠷ ᠡᠷᠦᠬᠡ ᠨᠢ ᠨᠢᠭᠡᠳᠦᠯᠲᠡᠶ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠲᠤ ᠬᠠᠨᠳᠤᠭᠤᠯᠤᠨ᠂ ᠮᠠᠲ᠋ᠧᠷᠢᠶᠠᠯ ᠢ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠰᠢᠭᠤᠳ ᠡᠯᠰᠡᠨ᠎ᠡ᠃ ᠲᠣᠭᠲᠠᠮᠠᠯ ᠬᠡᠰᠡᠭ ᠣᠷᠣᠨ ᠤ ᠬᠡᠷ ᠡᠷᠦᠬᠡ ᠶᠢᠨ ᠨᠢᠭᠡᠳᠦᠯᠲᠡᠶ ᠨᠥᠬᠦᠴᠡᠯ ᠳᠤ ᠨᠡᠶᠢᠴᠡᠬᠦ ᠥᠬᠡᠶ ᠪᠠᠶᠢᠪᠠᠯ᠂ ᠢᠦᠶ ᠴᠢᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠢᠦᠶ ᠴᠢᠤᠸᠠᠨ ᠲᠣᠭᠤᠷᠢᠭ ᠤᠨ ᠪᠤᠰᠤᠳ ᠰᠤᠯᠠ ᠡᠷᠳᠡᠮ ᠤᠨ ᠴᠣᠯᠠ ᠲᠠᠢ ᠪᠠᠭ᠎ᠠ ᠰᠤᠷᠭᠠᠭᠤᠯᠢ ᠳᠤ ᠨᠢᠭᠡᠳᠦᠯᠲᠡᠶ ᠳᠣᠭᠢᠷᠠᠭᠤᠯᠤᠨ᠎ᠠ᠃      ︵ᠬᠤᠶᠠᠷ︶ ᠬᠠᠮᠲᠤᠪᠠᠷ ᠭᠥᠷᠳᠡᠬᠦ ᠬᠡᠰᠡᠭ ᠣᠷᠣᠨ ᠤ ᠰᠣᠷᠣᠭᠴᠢ ᠡᠯᠰᠡᠬᠦ ᠠᠷᠭ᠎ᠠ      ᠲᠣᠭᠲᠠᠮᠠᠯ ᠬᠡᠰᠡᠭ ᠣᠷᠣᠨ ᠳᠤ ᠡᠯᠰᠡᠭᠰᠡᠨ ᠤ ᠳᠠᠷᠠᠭ᠎ᠠ᠂ ᠬᠡᠷᠪᠡ ᠦᠯᠡᠳᠡᠭᠰᠡᠨ ᠰᠣᠷᠣᠭᠴᠢ ᠡᠯᠰᠡᠬᠦ ᠲᠥᠯᠥᠪᠯᠡᠭᠡ ᠲᠠᠢ ᠪᠠᠶᠢᠪᠠᠯ᠂ ᠦᠯᠡᠳᠡᠭᠰᠡᠨ ᠰᠣᠷᠣᠭᠴᠢ ᠡᠯᠰᠡᠬᠦ ᠲᠥᠯᠥᠪᠯᠡᠭᠡ ᠪᠠᠷ ᠬᠠᠮᠲᠤᠪᠠᠷ ᠭᠥᠷᠳᠡᠬᠦ ᠬᠡᠰᠡᠭ ᠤᠷᠤᠨ ᠳᠤ ᠬᠡᠷ ᠡᠷᠦᠬᠡ ᠨᠢ ᠨᠢᠭᠡᠳᠦᠯᠲᠡᠶ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠢ ᠡᠯᠰᠡᠨ᠎ᠡ᠃ ᠮᠠᠲ᠋ᠧᠷᠢᠶᠠᠯ ᠢ ᠬᠢᠨᠠᠨ ᠰᠢᠯᠭᠠᠭᠰᠠᠨ ᠤ ᠳᠠᠷᠠᠭ᠎ᠠ ᠨᠥᠬᠦᠴᠡᠯ ᠳᠤ ᠨᠡᠶᠢᠴᠡᠬᠦ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠤᠨ ᠲᠤᠭ᠎ᠠ ᠶᠢ ᠰᠤᠷᠭᠠᠭᠤᠯᠢ ᠶᠢᠨ ᠦᠯᠡᠳᠡᠭᠰᠡᠨ ᠰᠣᠷᠣᠭᠴᠢ ᠡᠯᠰᠡᠬᠦ ᠲᠥᠯᠥᠪᠯᠡᠭᠡ ᠠᠴᠠ ᠬᠡᠲᠦᠷᠡᠭᠦᠯᠦᠭᠰᠡᠨ ᠥᠬᠡᠶ ᠪᠠᠷ ᠰᠢᠭᠤᠳ ᠡᠯᠰᠡᠨ᠎ᠡ᠂ ᠦᠯᠡᠳᠡᠭᠰᠡᠨ ᠰᠣᠷᠣᠭᠴᠢ ᠡᠯᠰᠡᠬᠦ ᠲᠥᠯᠥᠪᠯᠡᠭᠡ ᠠᠴᠠ ᠬᠡᠲᠦᠷᠡᠭᠦᠯᠪᠡᠯ ᠺᠣᠮᠫᠢᠦ᠋ᠲ᠋ᠧᠷ ᠢᠶᠠᠷ ᠲᠠᠰᠢᠷᠠᠮ ᠤᠨ ᠠᠷᠭ᠎ᠠ ᠮᠠᠶ᠋ᠢᠭ ᠢᠶᠠᠷ ᠡᠯᠰᠡᠨ᠎ᠡ᠃ ᠡᠯᠰᠡᠭᠳᠡᠭᠰᠡᠨ ᠥᠬᠡᠶ ᠵᠢᠴᠢ ᠬᠡᠷ ᠡᠷᠦᠬᠡ ᠶᠢᠨ ᠨᠢᠭᠡᠳᠦᠯᠲᠡᠶ ᠨᠥᠬᠦᠴᠡᠯ ᠳᠤ ᠨᠡᠶᠢᠴᠡᠬᠦ ᠥᠬᠡᠶ ᠨᠢ ᠾᠧᠩ ᠴᠠᠩ ᠳ᠋ᠢᠶᠠᠨ ᠭᠤᠲᠤᠮᠵᠢ ᠪᠠᠭ᠎ᠠ ᠰᠤᠷᠭᠠᠭᠤᠯᠢ ᠶᠢᠨ ᠡᠤ ᠯᠢ ᠶᠢᠩ ᠰᠤᠷᠭᠠᠭᠤᠯᠢ ᠶᠢᠨ ᠲᠣᠭᠤᠷᠢᠭ ᠲᠤ ᠮᠠᠲ᠋ᠧᠷᠢᠶᠠᠯ ᠢᠶᠠᠨ ᠬᠢᠨᠠᠨ ᠰᠢᠯᠭᠠᠭᠤᠯᠵᠤ ᠰᠤᠷᠭᠠᠭᠤᠯᠢ ᠳᠤ ᠣᠷᠣᠨ᠎ᠠ᠃ ᠾᠧᠩ ᠴᠠᠩ ᠳ᠋ᠢᠶᠠᠨ ᠭᠤᠲᠤᠮᠵᠢ ᠪᠠᠭ᠎ᠠ ᠰᠤᠷᠭᠠᠭᠤᠯᠢ ᠶᠢᠨ ᠦ᠋ ᠯᠢ ᠶᠢᠩ ᠰᠤᠷᠭᠠᠭᠤᠯᠢ ᠶᠢᠨ ᠲᠣᠭᠤᠷᠢᠭ ᠤᠨ ᠡᠷᠳᠡᠮ ᠤᠨ ᠴᠣᠯᠠ ᠨᠢ ᠬᠦᠷᠦᠯᠴᠡᠬᠦ ᠥᠬᠡᠶ ᠦᠶ᠎ᠡ ᠳᠤ᠂ ᠢᠦᠶ ᠴᠢᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠢᠦᠶ ᠴᠢᠤᠸᠠᠨ ᠲᠣᠭᠤᠷᠢᠭ ᠤᠨ ᠪᠤᠰᠤᠳ ᠰᠤᠯᠠ ᠡᠷᠳᠡᠮ ᠤᠨ ᠴᠣᠯᠠ ᠲᠠᠢ ᠪᠠᠭ᠎ᠠ ᠰᠤᠷᠭᠠᠭᠤᠯᠢ ᠳᠤ ᠨᠢᠭᠡᠳᠦᠯᠲᠡᠶ ᠲᠣᠬᠢᠷᠠᠭᠤᠯᠤᠨ᠎ᠠ᠃      ᠬᠤᠶᠠᠷ᠂ ᠬᠡᠰᠡᠭ ᠬᠤᠪᠢᠶᠠᠬᠤ ᠬᠡᠪᠴᠢᠶ᠎ᠡ      ︵ᠨᠢᠭᠡ︶ ᠲᠣᠭᠲᠠᠮᠠᠯ ᠬᠡᠰᠡᠭ ᠣᠷᠣᠨ      ᠰᠢᠯᠢ ᠶᠢᠨ ᠡᠮᠦᠨ᠎ᠡ ᠵᠠᠮ ᠠᠴᠠ ᠵᠡᠭᠦᠨᠰᠢ᠂ ᠾᠧᠩ ᠲᠠᠢ ᠱᠧᠩ ᠳ᠋ᠦ᠋ ᠣᠷᠣᠨ ᠰᠠᠭᠤᠴᠠ ᠶᠢᠨ  ᠬᠤᠷᠢᠶᠠᠯᠠᠯ ᠤᠨ ᠬᠤᠶᠢᠲᠤ ᠡᠭᠦᠳᠡᠨ ᠤ ᠬᠤᠶᠢᠲᠤ ᠲᠠᠯ᠎ᠠ ᠶᠢᠨ ᠲᠥᠯᠥᠪᠵᠢᠭᠦᠯᠭᠡ ᠶᠢᠨ ᠵᠠᠮ ᠠᠴᠠ ᠡᠮᠦᠨᠡᠰᠢ᠂ ᠡᠮᠦᠨ᠎ᠡ ᠭᠤᠷᠪᠠᠳᠤᠭᠠᠷ ᠲᠣᠭᠤᠷᠢᠯ ᠵᠠᠮ ᠠᠴᠠ ᠤᠮᠠᠷᠠᠰᠢ᠂ ᠬᠥᠯᠥᠨ ᠡᠮᠦᠨ᠎ᠡ ᠵᠠᠮ ᠠᠴᠠ ᠪᠠᠷᠠᠭᠤᠨᠰᠢ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠣᠷᠣᠨ ᠪᠦᠰᠡ᠃      ︵ᠬᠤᠶᠠᠷ︶ ᠬᠠᠮᠲᠤᠪᠠᠷ ᠭᠥᠷᠳᠡᠬᠦ ᠬᠡᠰᠡᠭ ᠣᠷᠣᠨ      ᠰᠢᠯᠢ ᠶᠢᠨ ᠡᠮᠦᠨ᠎ᠡ ᠵᠠᠮ ᠠᠴᠠ ᠵᠡᠭᠦᠨᠰᠢ᠂ ᠶᠢᠨ ᠾᠧ ᠡᠮᠦᠨ᠎ᠡ ᠵᠡᠭᠡᠯᠢ ᠠᠴᠠ ᠡᠮᠦᠨᠡᠰᠢ᠂ ᠾᠧᠩ ᠲᠠᠢ ᠱᠧᠩ ᠳ᠋ᠦ᠋ ᠣᠷᠣᠨ ᠰᠠᠭᠤᠴᠠ ᠶᠢᠨ ᠬᠤᠷᠢᠶᠠᠯᠠᠯ ᠤᠨ ᠬᠤᠶᠢᠲᠤ ᠡᠭᠦᠳᠡᠨ ᠤ ᠬᠤᠶᠢᠲᠤ ᠲᠠᠯ᠎ᠠ ᠶᠢᠨ ᠲᠥᠯᠥᠪᠵᠢᠭᠦᠯᠭᠡ ᠶᠢᠨ ᠵᠠᠮ ᠠᠴᠠ ᠬᠤᠶᠢᠰᠢ᠂ ᠬᠥᠯᠥᠨ ᠡᠮᠦᠨ᠎ᠡ ᠵᠠᠮ ᠠᠴᠠ ᠪᠠᠷᠠᠭᠤᠨᠰᠢᠬᠢ ᠢᠦᠢ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠣᠷᠣᠨ ᠪᠦᠰᠡ ︵ᠲᠤᠰ ᠣᠷᠣᠨ ᠪᠦᠰᠡ ᠶᠢ ᠾᠧᠩ ᠴᠠᠩ ᠳ᠋ᠢᠶᠠᠨ ᠭᠤᠲᠤᠮᠵᠢ ᠪᠠᠭ᠎ᠠ ᠰᠤᠷᠭᠠᠭᠤᠯᠢ ᠶᠢᠨ ᠡᠦ ᠯᠢ ᠶᠢᠩ ᠰᠤᠷᠭᠠᠭᠤᠯᠢ ᠶᠢᠨ ᠲᠣᠭᠤᠷᠢᠭ ᠲᠤ ᠣᠷᠣᠭᠤᠯᠵᠤ᠂ ᠬᠥᠬᠡᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠡᠮᠦᠨ᠎ᠡ ᠲᠣᠭᠤᠷᠢᠭ ᠲᠠᠢ ᠬᠠᠮᠲᠤᠪᠠᠷ ᠡᠳ᠋ᠯᠡᠨ᠎ᠡ︶᠃      ᠠᠵᠢᠯ ᠤᠨ ᠡᠳᠦᠷ ᠤᠨ ᠰᠣᠷᠣᠭᠴᠢ ᠡᠯᠰᠡᠬᠦ ᠯᠠᠪᠯᠠᠯᠲᠠ ᠶᠢᠨ ᠤᠲᠠᠰᠤ᠄ 13327127619      ᠢᠦᠢ ᠴᠢᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ                 2024 ᠣᠨ ᠤ 4 ᠳ᠋ᠤᠭᠡᠷ ᠰᠠᠷ᠎ᠠ ᠶᠢᠨ 19 ᠤ ᠡᠳᠦᠷ                       ᠢᠷᠡᠯᠲᠡ᠄ ᠢᠦᠶ ᠴᠢᠤᠸᠠᠨ ᠤ ᠰᠤᠷᠭᠠᠨ ᠬᠥᠮᠦᠵᠢᠯ          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号