ᠢᠦᠶ ᠴᠢᠤᠸᠠᠨ ᠲᠣᠭᠤᠷᠢᠭ᠄ ᠣᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠥᠬᠡᠶ᠂ ᠦᠨᠡᠨᠴᠢ ᠢᠲᠡᠭᠡᠮᠵᠢ ᠶᠢᠨ ᠴᠤᠩᠬᠤᠪᠴᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2024/4/19
     ᠦᠨᠡᠨᠴᠢ ᠢᠲᠡᠭᠡᠮᠵᠢᠲᠡᠶ᠂ ᠡᠶ᠎ᠡ ᠵᠣᠬᠢᠴᠠᠯ ᠲᠠᠢ ᠪᠠᠷ ᠬᠥᠭᠵᠢᠬᠦ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠪᠣᠶ ᠪᠣᠯᠭᠠᠬᠤ ᠶᠢᠨ ᠲᠥᠯᠥᠭᠡ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠨᠢᠭᠡᠳᠦᠭᠡᠷ ᠳᠠᠪᠬᠤᠷᠯᠢᠭ ᠤᠨ ᠠᠰᠠᠭᠤᠨ ᠯᠠᠪᠯᠠᠬᠤ ᠦᠢᠯᠡᠴᠢᠯᠡᠭᠡ ᠶᠢ ᠭᠥᠯᠢᠶᠡᠨ ᠠᠪᠴᠤ ᠰᠢᠢᠳᠪᠦᠷᠢᠯᠡᠬᠦ ᠲᠠᠪᠴᠠᠩ ᠳᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠤᠩᠬᠤᠪᠴᠢ ᠭᠠᠷᠭᠠᠵᠤ᠂ ᠠᠵᠤ ᠠᠬᠤᠶᠢᠯᠠᠯ ᠤᠨ ᠭᠤᠮᠣᠳᠠᠯ ᠱᠠᠭᠠᠷᠳᠠᠯᠭ᠎ᠠ ᠳᠤ ᠰᠢᠭᠤᠳ ᠬᠥᠷᠬᠦ ᠵᠠᠮ ᠮᠥᠷ ᠢ ᠰᠢᠯᠤᠭᠤᠳᠬᠠᠪᠠ᠃
     ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠤᠩᠬᠤᠪᠴᠢ ᠶᠢᠨ ᠵᠠᠭᠠᠯᠳᠤᠯᠭ᠎ᠠ ᠶᠢᠨ ᠠᠷᠭ᠎ᠠ ᠵᠠᠮ ᠤᠨ ᠰᠠᠭᠠᠳ ᠦᠭᠡᠶ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠬᠠᠤ ᠶᠢᠨ ᠲᠦᠯᠦᠭᠡ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠨᠡᠪᠲᠡᠷᠡᠯᠴᠡᠨ ᠵᠣᠬᠢᠴᠠᠭᠤᠯᠬᠤ ᠴᠢᠳᠠᠪᠤᠷᠢ ᠪᠠᠷ ᠴᠢᠩᠭ᠎ᠠ ᠠᠵᠢᠯᠲᠠᠨ ᠢ ᠴᠤᠩᠬᠤᠪᠴᠢ ᠳᠤ ᠳᠣᠭᠢᠷᠠᠭᠤᠯᠤᠨ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠠᠵᠢᠯ ᠤᠨ ᠡᠬᠡ ᠲᠠᠩᠰᠠ ᠶᠢ ᠪᠠᠶᠢᠭᠤᠯᠵᠤ᠂ ᠵᠠᠭᠠᠯᠳᠤᠯᠭ᠎ᠠ ᠶᠢᠨ ᠠᠰᠠᠭᠤᠳᠠᠯ ᠢ ᠲᠥᠷᠥᠯ ᠬᠤᠪᠢᠶᠠᠨ ᠰᠢᠯᠵᠢᠭᠦᠯᠦᠨ ᠭᠦᠢᠴᠡᠳᠭᠡᠬᠦ ᠪᠠ ᠴᠡᠭᠴᠡᠯᠡᠨ ᠥᠭᠡᠷᠡᠴᠢᠯᠡᠵᠦ ᠬᠠᠷᠢᠭᠤ ᠲᠤᠰᠬᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠵᠠᠭᠠᠯᠳᠤᠯᠭ᠎ᠠ ᠶᠢᠨ ᠠᠰᠠᠭᠤᠳᠠᠯ ᠢ ᠴᠢᠭᠯᠡᠭᠦᠯᠬᠦ ᠴᠢᠨᠠᠷᠲᠠᠶ ᠪᠠᠷ ᠰᠤᠳᠤᠯᠤᠨ ᠮᠠᠭᠠᠳᠯᠠᠵᠤ ᠵᠠᠳᠠᠯᠤᠯᠲᠠ ᠬᠢᠵᠦ᠂ ᠨᠠᠷᠢᠯᠢᠭ ᠣᠨᠣᠴᠠᠲᠠᠶ ᠪᠠᠷ ᠰᠢᠯᠵᠢᠭᠦᠯᠦᠨ ᠭᠦᠢᠴᠡᠳᠭᠡᠵᠦ᠂ ᠠᠵᠤ ᠠᠬᠤᠶᠢᠯᠠᠯ ᠵᠢᠴᠢ ᠣᠯᠠᠨ ᠲᠦᠮᠡᠨ ᠤ ᠵᠠᠭᠠᠯᠳᠤᠯᠭ᠎ᠠ ᠶᠢᠨ ᠱᠠᠭᠠᠷᠳᠠᠯᠭ᠎ᠠ ᠳᠤ ᠴᠥᠮ ᠬᠠᠷᠢᠭᠤ ᠲᠤᠰᠬᠠᠯ ᠭᠠᠷᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃
     ᠣᠶᠢᠯᠠᠭᠠᠭᠰᠠᠨ ᠢᠶᠠᠷ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ LED ᠳᠡᠯᠭᠡᠴᠡ᠂ ᠸᠢᠴᠠᠲ ᠤᠨ ᠨᠡᠶᠢᠲᠡ ᠶᠢᠨ ᠳ᠋ᠤᠭᠠᠷ᠂ ᠵᠠᠰᠠᠭ ᠤᠨ ᠣᠷᠳᠣᠨ ᠤ ᠰᠦᠯᠵᠢᠶ᠎ᠡ ᠵᠡᠷᠭᠡ ᠠᠷᠭ᠎ᠠ ᠵᠠᠮ ᠢ ᠭᠦᠢᠴᠡᠳ ᠠᠰᠢᠭᠯᠠᠨ ᠦᠨᠡᠨᠴᠢ ᠢᠲᠡᠭᠡᠮᠵᠢ ᠶᠢᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠨᠠᠭᠠᠵᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠤᠷᠢᠶ᠎ᠠ ᠯᠣᠽᠦ᠋ᠩ ᠲᠠᠯᠪᠢᠵᠤ᠂ ︽ᠦᠨᠡᠨᠴᠢ ᠢᠲᠡᠭᠡᠮᠵᠢᠲᠡᠶ ᠪᠠᠶᠢᠬᠤ᠂ ᠭᠡᠷ᠎ᠡ ᠪᠠᠨ ᠭᠦᠢᠴᠡᠳᠭᠡᠵᠦ ᠠᠮᠠᠯᠠᠯᠲᠠ ᠪᠠᠨ  ᠭᠦᠢᠴᠡᠳᠭᠡᠬᠦ︾ ᠦᠵᠡᠯᠲᠡ ᠶᠢ ᠴᠢᠩᠭᠠᠳᠬᠠᠨ᠂ ᠰᠠᠭᠤᠭᠠᠯᠢ ᠠᠷᠠᠳ ᠤᠨ ᠦᠨᠡᠨᠴᠢ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢ ᠴᠢᠬᠤᠯᠠᠴᠢᠯᠠᠬᠤ ᠶᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ᠂ ᠦᠨᠡᠨᠴᠢ ᠢᠲᠡᠭᠡᠮᠵᠢᠲᠡᠶ ᠪᠠᠶᠢᠬᠤ ᠥᠷᠲᠡᠭ ᠤᠨ ᠦᠵᠡᠯᠲᠡ ᠶᠢ ᠰᠠᠨᠠᠭᠠᠴᠢᠯᠠᠵᠤ᠂ ᠰᠠᠶᠢᠨ ᠰᠠᠶᠢᠬᠠᠨ ᠦᠨᠡᠨᠴᠢ ᠢᠲᠡᠭᠡᠮᠵᠢ ᠶᠢᠨ ᠠᠭᠤᠷ ᠠᠮᠢᠰᠬᠤᠯ ᠢ ᠪᠣᠶ ᠪᠤᠯᠭᠠᠪᠠ᠃ ᠢᠲᠡᠭᠡᠮᠵᠢ ᠶᠢᠨ ᠠᠮᠠᠯᠠᠯᠲᠠ ᠪᠠᠷ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠠᠬᠢᠭᠤᠯᠵᠤ᠂ ︽ᠳᠤᠲᠠᠭᠤ ᠶᠢ ᠪᠠᠭᠲᠠᠭᠠᠨ ᠬᠢᠨᠠᠨ ᠵᠦᠪᠰᠢᠶᠡᠷᠡᠬᠦ + ᠠᠮᠠᠯᠠᠯᠲᠠ ᠶᠢᠨ ᠲᠦᠷᠢᠮ ᠢᠶᠠᠷ ᠭᠦᠢᠴᠡᠳᠭᠡᠬᠦ︾ ᠵᠠᠭᠪᠤᠷ ᠢ ᠬᠡᠷᠡᠭᠵᠢᠭᠦᠯᠦᠨ᠂ ᠬᠢᠨᠠᠨ ᠵᠥᠪᠰᠢᠶᠡᠷᠡᠬᠦ ᠭᠠᠷᠳᠠᠮ ᠢ ᠤᠯᠠᠮ ᠨᠢᠭᠡ ᠠᠯᠬᠤᠮ ᠳᠥᠭᠦᠮᠴᠢᠯᠡᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠴᠣᠩᠬᠤᠪᠴᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠢ ᠵᠣᠬᠢᠶᠠᠨ ᠪᠠᠶᠢᠭᠤᠯᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠡᠯ᠎ᠡ ᠵᠦᠢᠯ ᠤᠨ ᠲᠦᠷᠢᠮ ᠲᠣᠭᠲᠠᠭᠠᠯ ᠢ ᠰᠤᠷᠤᠯᠴᠠᠭᠤᠯᠵᠤ᠂ ᠠᠵᠢᠯᠲᠠᠨ ᠤ ᠬᠠᠤᠯᠢ ᠲᠣᠭᠲᠠᠭᠠᠯ ᠶᠣᠰᠣᠭᠠᠷ ᠠᠵᠢᠯ ᠶᠠᠪᠤᠳᠠᠯ ᠭᠦᠢᠴᠡᠳᠭᠡᠬᠦ ᠶᠢ ᠦᠨᠡᠨᠬᠦ ᠪᠠᠲᠤᠯᠠᠵᠤ᠂ ᠢᠯᠡ ᠲᠣᠳᠣ ᠦᠨᠡᠨᠴᠢ ᠢᠲᠡᠭᠡᠮᠵᠢ ᠶᠢᠨ ᠴᠣᠩᠬᠤᠪᠴᠢ ᠶᠢ ᠪᠣᠶ ᠪᠤᠯᠭᠠᠪᠠ᠃ 2024 ᠣᠨ ᠤ 1 ᠳ᠋ᠤᠭᠡᠷ ᠰᠠᠷ᠎ᠠ ᠠᠴᠠ 3 ᠳ᠋ᠤᠭᠠᠷ ᠰᠠᠷ᠎ᠠ ᠪᠣᠯᠲᠠᠯ᠎ᠠ᠂ 24 ᠴᠠᠭ ᠤᠨ ᠥᠪᠡᠰᠦᠪᠡᠨ ᠦᠢᠯᠡᠴᠢᠯᠡᠬᠦ ᠲᠣᠭᠤᠷᠢᠭ ᠲᠤ ᠨᠡᠶᠢᠲᠡ 6639 ᠲᠤᠬᠠᠶᠢᠯᠠᠭᠰᠠᠨ ᠠᠵᠢᠯ ᠢ ᠪᠡᠶᠡᠯᠡᠭᠦᠯᠵᠦ᠂ ᠬᠦᠮᠦᠨ ᠤ ᠬᠦᠴᠦᠨ ᠤ ᠴᠤᠩᠬᠤᠪᠴᠢ ᠳᠤ ᠡᠯ᠎ᠡ ᠲᠥᠷᠥᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠨᠡᠶᠢᠲᠡ 24052 ᠬᠤᠪᠢ ᠴᠠᠭ ᠲᠤᠬᠠᠶ ᠳᠤᠨᠢ ᠲᠣᠭᠲᠠᠭᠠᠯ ᠶᠣᠰᠣᠭᠠᠷ ᠪᠡᠶᠡᠯᠡᠭᠦᠯᠵᠡᠶ᠃      ᠡᠭᠦᠨ ᠤ ᠬᠠᠮᠲᠤ᠂ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ ᠳᠥᠭᠦᠮ ᠳᠣᠲᠣᠨᠣ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠦᠬᠦᠴᠡᠯ ᠢ ᠪᠤᠶ ᠪᠣᠯᠭᠠᠵᠤ᠂ ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠤᠯᠠᠭᠠᠨ ᠠᠨᠠᠷ ᠤᠨ ᠦᠢᠯᠡᠴᠢᠯᠡᠭᠡᠨ ᠤ ᠲᠠᠪᠴᠠᠩ ᠪᠠᠶᠢᠭᠤᠯᠵᠤ᠂ ᠰᠦᠢᠳᠭᠡᠯ ᠬᠤᠷᠢᠶᠠᠬᠤ ᠥᠬᠡᠶ ᠪᠠᠷ ᠪᠠᠭᠤᠯᠭᠠᠬᠤ ᠦᠢᠯᠡᠴᠢᠯᠡᠭᠡ ᠶᠢ ᠬᠡᠷᠡᠭᠵᠢᠭᠦᠯᠬᠦ ᠶᠢᠨ ᠬᠠᠮᠲᠤ ᠲᠤᠰᠬᠠᠶ ᠬᠥᠮᠦᠨ ᠳᠣᠭᠢᠷᠠᠭᠤᠯᠤᠨ ᠦᠢᠯᠡᠴᠢᠯᠡᠭᠡ ᠬᠠᠩᠭᠠᠵᠤ᠂ ᠠᠵᠢᠯᠲᠠᠳ ᠡᠯ᠎ᠡ ᠲᠥᠷᠥᠯ ᠤᠨ ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠲᠤ ᠬᠤᠯᠪᠣᠭᠳᠠᠬᠤ ᠲᠤᠬᠠᠶᠢᠯᠠᠭᠰᠠᠨ ᠠᠵᠢᠯ ᠤᠨ ᠭᠦᠢᠴᠡᠳᠭᠡᠬᠦ ᠶᠠᠪᠤᠴᠠ ᠶᠢ ᠪᠣᠯᠪᠠᠰᠤᠷᠠᠩᠭᠤᠶ ᠡᠵᠡᠮᠰᠢᠭᠰᠡᠨ ᠢᠶᠠᠷ ᠪᠠᠷᠠᠬᠤ ᠥᠬᠡᠶ᠂ ᠲᠤᠬᠠᠶᠢᠯᠠᠭᠰᠠᠨ ᠠᠵᠢᠯ ᠳᠤ ᠬᠡᠷᠡᠭᠰᠡᠬᠦ ᠮᠠᠲ᠋ᠧᠷᠢᠶᠠᠯ ᠤᠨ ᠪᠠᠭᠤᠯᠭᠠᠬᠤ ᠬᠡᠪ ᠪᠠᠷᠢᠮᠵᠢᠶ᠎ᠠ᠂ ᠬᠤᠪᠢ ᠶᠢᠨ ᠲᠤᠭ᠎ᠠ ᠵᠡᠷᠭᠡ ᠱᠠᠭᠠᠷᠳᠠᠯᠭ᠎ᠠ ᠶᠢ ᠣᠶᠢᠯᠠᠭᠠᠵᠤ᠂ ᠰᠦᠢᠳᠭᠡᠯ ᠬᠤᠷᠢᠶᠠᠬᠤ ᠥᠬᠡᠶ ᠪᠠᠷ ᠪᠠᠭᠤᠯᠭᠠᠬᠤ ᠴᠤᠩᠬᠤᠪᠴᠢ ᠪᠣᠯᠤᠨ ᠲᠤᠬᠠᠶᠢᠯᠠᠭᠰᠠᠨ ᠠᠵᠢᠯ ᠤᠨ ᠴᠤᠩᠬᠤᠪᠴᠢ ᠶᠢ ᠪᠦᠲᠦᠮᠵᠢᠲᠡᠶ ᠵᠣᠯᠭᠠᠭᠤᠯᠵᠤ᠂ ᠠᠵᠤ ᠠᠬᠤᠶᠢᠯᠠᠯ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠨᠠᠩ ᠬᠠᠯᠠᠭᠤᠨ ᠰᠡᠳᠬᠢᠯ ᠲᠠᠢ ᠨᠠᠩ ᠲᠦᠷᠭᠡᠨ ᠪᠣᠯᠭᠠᠪᠠ᠃ ᠡᠨᠡ ᠵᠢᠯ ᠠᠴᠠ ᠨᠠᠭᠠᠰᠢ᠂ ᠠᠵᠤ ᠠᠬᠤᠶᠢᠯᠠᠯ ᠤᠨ ᠣᠯᠠᠨ ᠲᠦᠮᠡᠨ ᠳᠤ ᠰᠦᠢᠳᠭᠡᠯ ᠬᠤᠷᠢᠶᠠᠬᠤ ᠥᠬᠡᠶ ᠪᠠᠷ ᠳᠠᠷᠤᠮᠠᠯᠯᠠᠬᠤ ᠪᠠ ᠪᠠᠭᠤᠯᠭᠠᠬᠤ ᠦᠢᠯᠡᠴᠢᠯᠡᠭᠡ ᠶᠢ ᠨᠡᠶᠢᠲᠡ 1817 ᠬᠥᠮᠦᠨ ᠤᠳᠠᠭ᠎ᠠ ᠬᠠᠩᠭᠠᠪᠠ᠃      ᠢᠦᠶ ᠴᠢᠤᠸᠠᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠢᠮᠠᠭᠲᠠ ︽ᠪᠣᠯᠪᠠᠰᠤᠨ ᠦᠨᠡᠨᠴᠢ ᠢᠲᠡᠭᠡᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠢ ᠡᠭᠦᠳᠦᠨ ᠪᠠᠶᠢᠭᠤᠯᠬᠤ︾ ᠪᠠᠷ ᠬᠠᠷᠠᠯᠲᠠ ᠪᠣᠯᠭᠠᠵᠤ᠂ ︽ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ︾ ᠪᠠᠷ ᠵᠣᠷᠢᠯᠲᠠ ᠪᠣᠯᠭᠠᠵᠤ᠂ ᠪᠥᠬᠦ ᠠᠵᠢᠯᠲᠠᠳ ᠢ ᠬᠥᠲᠥᠯᠦᠨ ᠵᠢᠯᠣᠭᠤᠳᠴᠤ ᠪᠠᠶᠢᠭᠠᠳ ᠴᠤᠩᠬᠤᠪᠴᠢ ᠶᠢᠨ ᠪᠣᠯᠪᠠᠰᠤᠨ ᠦᠢᠯᠡᠴᠢᠯᠡᠭᠡᠨ ᠤ ᠵᠢᠷᠤᠮᠵᠢᠯ ᠢ ᠨᠠᠷᠢᠨ ᠬᠢᠨᠠᠮᠠᠭᠠᠶ ᠭᠦᠢᠴᠡᠳᠭᠡᠭᠦᠯᠵᠦ᠂ ᠴᠢᠨᠠᠷ ᠰᠠᠶᠢᠲᠠᠶ ᠦᠨᠡᠨᠴᠢ ᠢᠲᠡᠭᠡᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠣᠶ ᠪᠣᠯᠭᠠᠪᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号