ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠬᠢᠨ ᠬᠠᠷᠢᠶ᠎ᠠ ᠣᠷᠣᠨ ᠤ ᠪᠠᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠪᠠ
ᠨᠡᠶᠢᠲᠡᠯᠡᠭᠰᠡᠨ ᠴᠠᠭ᠄
2024/4/2
     ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠨᠠᠨ ᠶᠤᠸᠠᠨ ᠲᠣᠰᠬᠤᠨ ᠵᠢᠴᠢ ᠰᠢ ᠰᠢᠶᠠ ᠶᠤᠸᠠᠨ ᠨᠡᠶᠢᠭᠡᠮ ᠲᠣᠭᠤᠷᠢᠭ ᠤᠨ ᠪᠠᠶᠢᠰᠢᠩ ᠭᠡᠷ ᠤᠨ ᠲᠣᠭᠤᠷᠢᠭ ᠨᠢ ᠨᠡᠶᠢᠲᠡᠯᠢᠭ ᠬᠤᠳᠠ ᠶᠢᠨ ᠳᠤᠮᠳᠠᠬᠢ ᠲᠣᠰᠬᠤᠨ ᠳᠤ ᠬᠠᠷᠢᠶᠠᠯᠠᠭᠳᠠᠵᠤ᠂ ᠵᠢᠵᠢᠭ ᠵᠡᠭᠡᠯᠢ ᠭᠤᠳᠤᠮᠵᠢ ᠨᠢ ᠬᠥᠨᠳᠡᠯᠡᠨ ᠭᠤᠯᠳᠤ ᠰᠦᠯᠵᠢᠯᠳᠦᠵᠦ᠂ ᠣᠷᠴᠢᠨ ᠲᠣᠭᠤᠷᠢᠨ ᠨᠢ ᠨᠠᠷᠢᠨ ᠪᠤᠳᠤᠯᠢᠶᠠᠨᠲᠠᠢ᠂ ᠬᠤᠭ ᠨᠣᠪᠰᠢ ᠶᠢᠨ ᠦᠯᠦ ᠤᠨᠤᠭᠳᠠᠬᠤ ᠪᠤᠯᠤᠩ ᠮᠠᠰᠢ ᠠᠮᠠᠷᠬᠠᠨ ᠭᠠᠷᠳᠠᠭ᠃
     ᠬᠠᠷᠢᠶᠠᠲᠤ ᠣᠷᠣᠨ ᠤ ᠳᠣᠲᠣᠷᠠᠬᠢ ᠴᠡᠪᠡᠷ ᠲᠡᠭᠰᠢ᠂ ᠭᠤᠶᠣ ᠰᠠᠶᠢᠬᠠᠨ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠤᠶ ᠪᠤᠯᠭᠠᠵᠤ᠂ ᠠᠷᠠᠳ ᠣᠯᠠᠨ ᠤ ᠵᠣᠯ ᠵᠢᠷᠭᠠᠯ ᠤᠨ ᠰᠡᠳᠬᠢᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠶ ᠳᠡᠭᠡᠭᠰᠢᠯᠡᠭᠦᠯᠵᠦ᠂ ᠬᠠᠷᠢᠶᠠᠲᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠬᠤ ᠶᠢᠨ ᠲᠦᠯᠦᠭᠡ᠂ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠤᠨ 1 ᠠᠴᠢᠶᠠᠯᠠᠬᠤ ᠮᠠᠰᠢᠨ᠂ 1 ᠮᠠᠯᠲᠠᠭᠤᠷ ᠮᠠᠰᠢᠨ᠂ 2 ᠥᠪᠡᠷᠲᠡᠭᠡᠨ ᠪᠠᠭᠤᠯᠭᠠᠬᠤ ᠲᠡᠷᠭᠡ ᠶᠢ ᠰᠢᠯᠵᠢᠭᠦᠯᠦᠨ ᠬᠡᠷᠡᠭᠯᠡᠨ ᠬᠠᠷᠢᠶᠠᠲᠤ ᠣᠷᠣᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠲᠥᠪᠯᠡᠷᠡᠭᠦᠯᠦᠨ ᠴᠡᠪᠡᠷᠯᠡᠵᠦ᠂ ᠨᠠᠨ ᠶᠤᠸᠠᠨ ᠲᠣᠰᠬᠤᠨ ᠤ ᠳᠤᠤᠷ᠎ᠠ ᠭᠤᠷᠪᠠᠳᠤᠭᠠᠷ ᠠᠩᠭᠢ᠂ ᠰᠢ ᠰᠢᠶᠠ ᠶᠤᠸᠠᠨ ᠨᠡᠶᠢᠭᠡᠮ ᠲᠣᠭᠤᠷᠢᠭ ᠤᠨ ᠪᠠᠶᠢᠰᠢᠩ ᠬᠡᠷ ᠤᠨ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠴᠡᠪᠡᠷᠯᠡᠵᠦ᠂ ᠪᠸᠢ ᠶᠤᠸᠠᠨ ᠲᠣᠰᠬᠤᠨ ᠤ 86 ᠺᠦᠪ ᠮᠧᠲᠷ ᠤᠨ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠪᠡ᠃
     ᠬᠤᠭ ᠨᠣᠪᠰᠢ ᠶᠢ ᠴᠡᠪᠡᠷᠯᠡᠬᠦ ᠶᠢᠨ ᠬᠠᠮᠲᠤ ᠵᠡᠭᠡᠯᠢ ᠭᠤᠳᠤᠮᠵᠢ ᠶᠢᠨ ᠬᠢᠨ ᠪᠠᠰᠠ ᠬᠠᠷᠢᠶ᠎ᠠ ᠲᠣᠭᠤᠷᠢᠭ ᠤᠨ ᠢᠶᠠᠨ ᠵᠠᠷᠢᠮ ᠬᠠᠰᠢᠯᠭ᠎ᠠ ᠶᠢ ᠰᠡᠯᠪᠢᠨ ᠵᠠᠰᠠᠵᠤ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠨᠣᠭᠤᠭᠠᠨ ᠤᠷᠭᠤᠮᠠᠯ ᠤᠨ ᠵᠠᠭᠤ ᠭᠠᠷᠤᠢ ᠮᠧᠲᠷ ᠬᠠᠰᠢᠯᠭ᠎ᠠ ᠶᠢ ᠰᠡᠯᠪᠢᠨ ᠵᠠᠰᠠᠵᠤ᠂ ᠪᠣᠭᠤᠮᠲᠠ ᠶᠢᠨ ᠨᠡᠷᠡᠳᠦ ᠴᠡᠴᠡᠷᠯᠢᠭ ᠤᠨ ᠬᠤᠷᠢᠶᠠᠯᠠᠯ᠂ ᠱᠧᠩ ᠱᠢ ᠳ᠋ᠦᠩ ᠶᠤᠸᠠᠨ ᠵᠠᠮ ᠤᠨ ᠵᠡᠭᠦᠨ ᠬᠡᠰᠡᠭ᠂ ᠡᠭᠦᠯᠡᠨ ᠳᠤᠮᠳᠠ ᠵᠠᠮ ᠳᠠᠭᠠᠤ ᠶᠢᠨ ᠬᠡᠰᠡᠭ ᠡᠪᠳᠡᠭᠳᠡᠨ ᠰᠦᠢᠲᠦᠭᠰᠡᠨ ᠬᠦᠨᠳᠦ ᠨᠣᠴᠢᠲᠠᠢ ᠬᠠᠰᠢᠯᠭ᠎ᠠ ᠶᠢ ᠨᠤᠷᠠᠭᠠᠭᠰᠠᠨ ᠪᠠᠶᠢᠨ᠎ᠠ᠃
     ᠲᠠᠷᠠᠭᠠᠴᠢ ᠶᠢᠨ ᠠᠵᠢᠯ ᠤᠨ ᠳᠤᠮᠳᠠ᠂ ᠪᠠᠷᠠᠭᠤᠨ ᠨᠤᠭᠤᠭ᠎ᠠ ᠶᠢᠨ ᠬᠠᠰᠢᠶ᠎ᠠ ᠵᠡᠭᠡᠯᠢ ᠭᠤᠳᠤᠮᠵᠢ ᠶᠢᠨ ᠬᠢᠨ ᠬᠠᠷᠢᠶ᠎ᠠ ᠣᠷᠣᠨ ᠤ ᠪᠠᠨ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠶᠢᠩᠭᠤᠵᠢᠭᠤᠯᠤᠨ ᠲᠣᠭᠤᠷᠢᠨ ᠪᠠᠶᠢᠴᠠᠭᠠᠬᠤ ᠶᠢᠨ ᠬᠠᠮᠲᠤ ᠤᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠲᠠᠰᠤᠷᠠᠯᠳᠡ ᠦᠭᠡᠢ ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠭᠡᠯ ᠢ ᠪᠠᠲᠤᠳᠬᠠᠵᠤ᠂ ᠬᠠᠷᠢᠶ᠎ᠠ ᠣᠷᠣᠨ ᠤ ᠪᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠰᠠᠶᠢᠵᠢᠷᠠᠯᠲᠠ ᠲᠠᠢ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠴᠡᠪᠡᠷ ᠴᠡᠮᠴᠡᠭᠡᠷ᠂ ᠪᠣᠯᠪᠠᠰᠤᠨ ᠡᠮᠬᠢ ᠳᠢᠭᠯᠢᠮ ᠲᠠᠢ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠤᠢ ᠪᠣᠯᠭᠠᠨ᠎ᠠ᠃              ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号