ᠢᠦᠶ ᠴᠢᠤᠸᠠᠨ ᠲᠣᠭᠤᠷᠢᠭ ᠤᠨ ᠴᠡᠷᠢᠭ ᠠᠩᠭᠢ ᠪᠠ ᠣᠷᠣᠨ ᠨᠤᠲᠤᠭ ᠤᠨ ᠬᠢᠨ ᠬᠠᠮᠲᠤᠷᠠᠨ ︽︿ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ﹀ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠲᠡᠤᠬᠡ ᠪᠠᠨ ᠪᠠᠲᠤ ᠴᠡᠭᠡᠵᠢᠯᠡᠬᠦ︾ ᠬᠠᠩᠰᠢ ᠶᠢᠨ ᠡᠳᠦᠷ ᠤᠨ ᠲᠠᠬᠢᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/2
     4 ᠳ᠋ᠤᠭᠡᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠢᠦᠶ ᠴᠢᠤᠸᠠᠨ ᠲᠣᠭᠤᠷᠢᠭ ᠤᠨ ᠬᠤᠶᠠᠷ ᠢ ᠬᠦᠷᠢᠶᠡᠯᠡᠬᠦ ᠠᠯᠪᠠᠨ ᠬᠡᠷ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠲᠣᠭᠤᠷᠢᠭ ᠲᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ᠂ ᠲᠣᠭᠤᠷᠢᠭ ᠤᠨ ᠬᠤᠶᠠᠷ ᠢ ᠬᠦᠷᠢᠶᠡᠯᠡᠬᠦ ᠪᠦᠷᠢᠯᠳᠦᠬᠦᠨ ᠨᠢᠭᠡᠴᠢ᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠰᠢᠰᠲ᠋ᠧᠮ ᠤᠨ ᠺᠠᠳ᠋ᠷ ᠵᠢᠴᠢ ᠬᠠᠷᠢᠶ᠎ᠠ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠥᠪᠥᠷ ᠮᠣᠩᠭᠤᠯ ᠤᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠳᠤ ︽︿ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ﹀ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠲᠡᠤᠬᠡ ᠪᠠᠨ ᠪᠠᠲᠤ ᠴᠡᠭᠡᠵᠢᠯᠡᠬᠦ︾ ᠬᠠᠩᠰᠢ ᠶᠢᠨ ᠡᠳᠦᠷ ᠤᠨ ᠲᠠᠬᠢᠯᠭ᠎ᠠ ᠶᠢᠨ ᠠᠵᠢᠯᠯᠠᠭ᠎ᠠ ᠥᠷᠨᠢᠭᠦᠯᠪᠡ᠃
     ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠲᠥᠪ ᠬᠢᠴᠢᠶᠡᠩᠭᠦᠢ ᠪᠠᠶᠢᠵᠤ᠂ ᠳᠤᠷᠠᠰᠬᠠᠯ ᠤᠨ ᠬᠦᠰᠢᠶ᠎ᠡ ᠰᠡᠬᠦ᠋ᠢᠨ ᠰᠦᠨᠳᠡᠷᠯᠡᠨ᠎ᠡ᠃ ᠰᠡᠬᠦ᠋ᠢᠨ ᠰᠦᠨᠳᠡᠷᠯᠡᠭᠰᠡᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠶᠢᠨ ᠡᠮᠦᠨ᠎ᠡ᠂ ᠪᠦᠬᠦ ᠬᠥᠮᠦᠰ ᠴᠢᠩ ᠦᠨᠡᠨᠴᠢ ᠬᠠᠶᠢᠷ᠎ᠠ ᠰᠡᠳᠬᠢᠯᠭᠡ ᠶᠢ ᠡᠪᠦᠷᠯᠡᠨ᠂ ᠨᠠᠮᠠᠨᠴᠢᠯᠠᠨ ᠶᠣᠰᠣᠯᠠᠵᠤ᠂ ᠬᠢᠴᠢᠶᠡᠩᠭᠦ᠋ᠢᠯᠡᠨ ᠶᠣᠰᠣᠯᠠᠵᠤ᠂ ᠦᠷᠡᠭᠳᠡᠭᠰᠡᠨ ᠪᠠᠭᠠᠲᠤᠷᠴᠤᠳ ᠲᠤ ᠰᠣᠷᠭᠤᠭ ᠴᠡᠴᠡᠭ ᠬᠦᠷᠭᠡᠵᠦ᠂ ᠲᠣᠭᠤᠷᠢᠨ ᠶᠠᠪᠤᠵᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠰᠢᠶ᠎ᠡ ᠶᠢ ᠪᠠᠷᠠᠳᠠᠵᠤ᠂ ᠪᠠᠭᠠᠲᠤᠷᠯᠢᠭ ᠦᠢᠯᠡ ᠠᠵᠢᠯᠯᠠᠭ᠎ᠠ ᠶᠢ ᠡᠷᠭᠢᠴᠡᠭᠦᠯᠵᠦ᠂ ᠭᠤᠭᠴᠤᠭ᠎ᠠ ᠨᠢᠭᠡᠪᠦᠷᠢ ᠳᠤ ᠴᠥᠮ ᠲᠥᠪ ᠬᠢᠴᠢᠶᠡᠩᠭᠦᠢ ᠪᠠᠶᠢᠵᠤ᠂ ᠬᠥᠳᠡᠯᠦᠯ ᠨᠢᠭᠡᠪᠦᠷᠢ ᠳᠤ ᠴᠥᠮ ᠭᠦᠨ ᠰᠡᠳᠬᠢᠯᠭᠡ ᠲᠠᠢ ᠪᠠᠷ ᠳᠤᠷᠠᠰᠤᠨ ᠰᠠᠨᠠᠭᠠᠯᠵᠠᠵᠤ ᠪᠠᠶᠢᠬᠤ ᠪᠠᠨ ᠢᠯᠡᠳᠬᠡᠵᠡᠢ᠃
     ᠺᠠᠳ᠋ᠷ ᠠᠵᠢᠯᠳᠠᠨ᠂ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ᠄ ︽ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠢ ᠣᠯᠵᠤ᠂ ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠬᠠᠮᠲᠤᠪᠠᠷ ᠪᠠᠳᠠᠷᠠᠭᠤᠯᠵᠤ᠂ ᠬᠤᠪᠢᠰᠬᠠᠯ ᠤᠨ ᠭᠧᠨ ᠢ ᠦᠷᠭᠦᠯᠵᠢᠯᠡᠭᠦᠯᠵᠦ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠢ ᠭᠦᠨ ᠳᠤᠷᠠᠰᠤᠨ ᠰᠠᠨᠠᠭᠠᠯᠵᠠᠵᠤ᠂ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠴᠡᠷᠢᠭ ᠢ ᠬᠦᠴᠦᠷᠬᠡᠭᠵᠢᠭᠦᠯᠦᠨ ᠴᠡᠷᠢᠭ ᠢ ᠬᠦᠭᠵᠢᠭᠦᠯᠬᠦ ᠳᠤ ᠪᠦᠬᠦ ᠬᠦᠴᠦᠨ ᠴᠢᠳᠠᠯ ᠢᠶᠠᠨ ᠡᠷᠭᠦᠨ᠎ᠡ︾ ᠭᠡᠵᠦ ᠢᠯᠡᠳᠬᠡᠵᠡᠭᠡᠪᠡ᠃      ᠲᠤᠰ ᠤᠳᠠᠭᠠᠨ ᠤ ᠳᠠᠬᠢᠯᠭ᠎ᠠ ᠶᠢᠨ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠤᠯᠭᠠᠵᠤ᠂ ᠪᠥᠬᠦ  ᠲᠤᠭᠤᠷᠢᠭ ᠤᠨ ᠥᠷᠭᠡᠨ ᠣᠯᠠᠨ ᠴᠡᠷᠢᠭ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠦᠷᠡᠭᠳᠡᠭᠰᠡᠨ ᠪᠠᠭᠠᠲᠤᠷᠴᠤᠳ ᠤᠨ ᠪᠠᠭᠠᠲᠤᠷ ᠨᠡᠷ᠎ᠡ ᠪᠠ ᠠᠤᠭ᠎ᠠ ᠦᠢᠯᠡ ᠠᠵᠢᠯᠯᠠᠭ᠎ᠠ ᠶᠢ ᠪᠠᠲᠤ ᠴᠡᠭᠡᠵᠢᠯᠡᠭᠦᠯᠵᠦ᠂ ᠦᠷᠡᠭᠳᠡᠭᠰᠡᠨ ᠪᠠᠭᠠᠲᠤᠷᠴᠤᠳ ᠤᠨ ᠭᠡᠷᠢᠶᠡᠰ ᠵᠣᠷᠢᠭ ᠢ ᠵᠠᠯᠭᠠᠮᠵᠢᠯᠠᠵᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠬᠢᠯᠪᠠᠷ ᠪᠤᠰᠤ ᠪᠠᠷ ᠣᠯᠤᠭᠰᠠᠨ ᠵᠣᠯ ᠵᠢᠷᠭᠠᠯᠲᠤ ᠠᠮᠢᠳᠤᠷᠠᠯ ᠢᠶᠠᠨ ᠨᠠᠨᠳᠢᠩᠨᠠᠵᠤ᠂ ᠬᠠᠷᠢᠭᠤᠴᠠᠯᠭᠠᠲᠤ ᠰᠡᠳᠬᠢᠯᠭᠡ ᠪᠠ ᠲᠡᠤᠬᠡ ᠶᠢᠨ ᠡᠭᠦᠷᠭᠡᠲᠦ ᠰᠡᠳᠬᠢᠯᠭᠡ ᠪᠠᠨ ᠨᠡᠮᠡᠭᠳᠡᠭᠦᠯᠦᠨ᠂ ᠮᠠᠨ ᠤ ᠲᠤᠭᠤᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠴᠦᠨ ᠢ ᠪᠠᠬᠢᠵᠢᠭᠦᠯᠬᠦ᠂ ᠴᠡᠷᠢᠭ ᠠᠴᠠ ᠬᠠᠯᠠᠭᠳᠠᠭᠰᠠᠳ ᠪᠠ ᠬᠤᠶᠠᠷ ᠢ ᠬᠦᠷᠢᠶᠡᠯᠡᠬᠦ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠠᠤᠭ᠎ᠠ ᠶᠡᠭᠡ ᠬᠦᠴᠦᠨ ᠴᠢᠳᠠᠯ ᠢ ᠨᠢᠭᠲᠠᠷᠠᠭᠤᠯᠤᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号