ᠣᠷᠳᠣᠰ ᠵᠠᠮ ᠤᠨ ᠵᠡᠭᠡᠯᠢ ᠭᠤᠳᠤᠮᠵᠢ᠄ ᠠᠰᠠᠷ ᠤᠨ ᠬᠤᠩᠭᠢᠯ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ ᠬᠡᠷ ᠣᠷᠣᠨ ᠤ ᠪᠠᠨ ᠠᠮᠤᠷ ᠲᠦᠪᠰᠢᠨ ᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2024/4/22
     ᠲᠦᠷᠦᠭᠦᠬᠡᠨ ᠳᠤ᠂ ᠬᠠᠷᠢᠶᠠᠲᠤ ᠣᠷᠣᠨ ᠤ ᠠᠶᠤᠯᠭᠦᠶ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠣᠷᠳᠣᠰ ᠵᠠᠮ ᠤᠨ ᠵᠡᠭᠡᠯᠢ ᠭᠤᠳᠤᠮᠵᠢ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠯ᠎ᠡ ᠨᠡᠶᠢᠭᠡᠮ ᠲᠣᠭᠤᠷᠢᠭ ᠢ ᠵᠣᠬᠢᠶᠠᠨ ᠪᠠᠶᠢᠭᠤᠯᠤᠨ ᠠᠰᠠᠷ ᠤᠨ ᠬᠤᠩᠭᠢᠯ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠠᠷᠢᠶᠠᠲᠤ ᠣᠷᠣᠨ ᠤ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠪᠠ᠃
     ᠵᠢᠭᠰᠠᠭᠠᠨ ᠪᠠᠶᠢᠴᠠᠭᠠᠬᠤ ᠶᠠᠪᠤᠴᠠ ᠳᠤ᠂ ᠨᠡᠶᠢᠭᠡᠮ ᠲᠣᠭᠤᠷᠢᠭ ᠤᠨ ᠠᠵᠢᠯᠲᠠᠨ ᠪᠠ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ ᠣᠷᠣᠨ ᠰᠠᠭᠤᠴᠠ ᠶᠢᠨ ᠬᠤᠷᠢᠶᠠᠯᠠᠯ ᠳᠤ ᠡᠯᠳᠡᠪ ᠶᠠᠭᠤᠮ᠎ᠠ ᠣᠪᠣᠭᠠᠯᠠᠵᠤ ᠲᠠᠯᠪᠢᠭᠰᠠᠨ ᠡᠰᠡᠬᠦ᠂ ᠣᠯᠠᠨ ᠨᠡᠶᠢᠲᠡ ᠶᠢᠨ ᠤᠷᠤᠨ ᠳᠤ ᠵᠣᠭᠰᠣᠭᠠᠭᠰᠠᠨ ᠪᠤᠶᠤ ᠴᠠᠬᠢᠯᠭᠠᠨ ᠬᠥᠳᠡᠯᠭᠡᠭᠦᠷᠲᠦ ᠲᠡᠷᠭᠡᠨ ᠳᠤ ᠴᠠᠬᠢᠯᠭᠠᠨ ᠴᠡᠨᠡᠭᠯᠡᠭᠰᠡᠨ᠂ ᠳᠤᠷ᠎ᠠ ᠪᠠᠷ ᠢᠶᠠᠨ ᠴᠠᠬᠢᠯᠭᠠᠨ ᠤᠲᠠᠰᠤ ᠶᠢ ᠲᠠᠲᠠᠵᠤ ︽ᠡᠯᠭᠦᠭᠡ ᠤᠲᠠᠰᠤ ᠪᠠᠷ ᠴᠠᠬᠢᠯᠭᠠᠨ ᠴᠡᠨᠡᠭᠯᠡᠭᠰᠡᠨ︾ ᠵᠡᠷᠭᠡ ᠦᠢᠯᠡ ᠠᠵᠢᠯᠯᠠᠭ᠎ᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠵᠢᠭᠰᠠᠭᠠᠨ ᠪᠠᠶᠢᠴᠠᠭᠠᠭᠠᠳ ᠢᠯᠡᠷᠡᠭᠦᠯᠦᠭᠰᠡᠨ ᠬᠡᠰᠡᠭ ᠠᠰᠠᠷ ᠤᠨ ᠬᠤᠩᠭᠢᠯ ᠳᠤ ᠮᠥᠨ ᠬᠦ ᠡᠯᠳᠡᠪ ᠶᠠᠭᠤᠮ᠎ᠠ ᠣᠪᠣᠭᠠᠯᠠᠨ ᠲᠠᠯᠪᠢᠵᠤ ᠲᠠᠷᠬᠠᠭᠠᠨ ᠶᠠᠪᠤᠭᠤᠯᠬᠤ ᠵᠠᠮ ᠢ ᠪᠦᠭᠯᠡᠭᠰᠡᠨ ᠦᠵᠡᠭᠳᠡᠯ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠦᠵᠡᠭᠳᠡᠯ ᠣᠷᠣᠰᠢᠵᠤ ᠪᠠᠶᠢᠪᠠᠯ᠂ ᠲᠤᠬᠠᠶ ᠶᠢᠨ ᠲᠠᠯᠠᠪᠤᠷ ᠲᠤᠨᠢ ᠰᠠᠭᠤᠭᠠᠯᠢ ᠡᠷᠦᠬᠡ ᠶᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠡᠭᠦᠨ ᠤ ᠬᠠᠮᠲᠤ᠂ ᠠᠵᠢᠯᠲᠠᠳ ᠣᠯᠠᠨ ᠲᠦᠮᠡᠨ ᠳᠤ ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠭᠠᠯ ᠤᠨᠲᠠᠷᠠᠭᠠᠬᠤ ᠠᠮᠤᠷ ᠲᠦᠪᠰᠢᠨ ᠤ ᠠᠩᠬᠠᠷᠬᠤ ᠵᠦᠢᠯᠡᠰ ᠢ ᠨᠠᠷᠢᠨ ᠲᠠᠶᠢᠯᠪᠤᠷᠢᠯᠠᠬᠤ ᠶᠢᠨ ᠬᠠᠮᠲᠤ᠂ ᠰᠠᠭᠤᠭᠠᠯᠢ ᠠᠷᠠᠳ ᠤᠨ ᠴᠠᠬᠢᠯᠭᠠᠨ ᠬᠥᠳᠡᠯᠭᠡᠭᠦᠷᠲᠦ ᠲᠡᠷᠭᠡ ᠶᠢ ᠠᠮᠤᠷ ᠲᠦᠪᠰᠢᠨ ᠭᠠᠵᠠᠷ ᠲᠤ ᠵᠣᠭᠰᠣᠭᠠᠵᠤ᠂ ᠰᠠᠭᠤᠭᠠᠯᠢ ᠠᠷᠠᠳ ᠤᠨ ᠴᠠᠬᠢᠯᠭᠠᠨ ᠬᠥᠳᠡᠯᠭᠡᠭᠦᠷᠲᠦ ᠲᠡᠷᠭᠡ ᠶᠢ ᠠᠰᠠᠷ ᠤᠨ ᠬᠤᠩᠭᠢᠯ ᠳᠤ ᠣᠷᠣᠭᠤᠯᠬᠤ ᠦᠭᠡᠢ ᠶᠢ ᠢᠳᠬᠠᠨ ᠬᠤᠷᠢᠭᠯᠠᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠴᠠᠬᠢᠯᠭᠠᠨ ᠬᠥᠳᠡᠯᠭᠡᠭᠦᠷᠲᠦ ᠲᠡᠷᠭᠡ ᠶᠢ ᠵᠢᠷᠤᠮᠵᠢᠭᠤᠯᠤᠨ ᠵᠣᠭᠰᠣᠭᠠᠵᠤ᠂ ᠡᠩ ᠤᠨ ᠦᠶ᠎ᠡ ᠳᠤ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ ᠶᠢᠨ ᠠᠮᠤᠷ ᠲᠦᠪᠰᠢᠨ ᠢ ᠠᠩᠬᠠᠷᠴᠤ᠂ ᠭᠠᠯ ᠤᠨ ᠭᠠᠮᠰᠢᠭ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠂ ᠳᠠᠯᠳᠠ ᠬᠡᠮ ᠢ ᠤᠯᠠᠮ ᠨᠢᠭᠡ ᠠᠯᠬᠤᠮ ᠠᠷᠢᠯᠭᠠᠵᠤ᠂ ᠥᠯᠥ ᠣᠨᠣᠭᠳᠠᠬᠤ ᠭᠠᠵᠠᠷ ᠦᠯᠡᠳᠡᠭᠡᠬᠦ ᠥᠬᠡᠶ ᠪᠠᠶᠢᠬᠤ ᠬᠡᠷᠡᠭᠲᠡᠶ᠃
     ᠲᠠᠷᠠᠭᠠᠴᠢ ᠶᠢᠨ ᠠᠯᠬᠤᠮ ᠳᠤ᠂ ᠡᠯ᠎ᠡ ᠨᠡᠶᠢᠭᠡᠮ ᠲᠣᠭᠤᠷᠢᠭ ᠤᠨ ᠬᠢᠨ ᠲᠤᠤᠷᠵᠢᠭᠰᠠᠨ ᠰᠦᠯᠵᠢᠶᠡᠨ ᠤ ᠪᠦᠯᠦᠭᠯᠡᠯ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠬᠤᠷᠢᠶᠠᠯᠠᠯ ᠤᠨ ᠨᠡᠶᠢᠲᠡ ᠶᠢᠨ ᠰᠠᠮᠪᠠᠷ᠎ᠠ ᠵᠢᠴᠢ ᠤᠬᠠᠭᠤᠯᠭ᠎ᠠ ᠶᠢᠨ ᠤᠷᠢᠶ᠎ᠠ ᠯᠣᠽᠦ᠋ᠩ ᠨᠠᠭᠠᠬᠤ ᠵᠡᠷᠭᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠠᠮᠤᠷ ᠲᠦᠪᠰᠢᠨ ᠢᠶᠠᠷ ᠵᠣᠭᠰᠣᠭᠠᠬᠤ᠂ ᠠᠮᠤᠷ ᠲᠦᠪᠰᠢᠨ ᠴᠠᠬᠢᠯᠭᠠᠨ ᠴᠡᠨᠡᠭᠯᠡᠬᠦ ᠮᠡᠳᠡᠯᠭᠡ ᠶᠢ ᠭᠦᠢᠴᠡᠳ ᠠᠰᠢᠭᠯᠠᠨ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠢ ᠴᠢᠩᠭᠠᠷᠠᠭᠤᠯᠤᠨ᠎ᠠ᠃
         ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号