ᠢᠦᠶ ᠴᠢᠤᠸᠠᠨ ᠲᠣᠭᠤᠷᠢᠭ ᠦᠨᠡᠨᠴᠢ ᠢᠲᠡᠭᠡᠮᠵᠢ ᠶᠢᠨ ᠤᠬᠠᠮᠰᠠᠷ ᠢ ᠳᠡᠭᠡᠭᠰᠢᠯᠡᠭᠦᠯᠬᠦ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/22
     ᠦᠨᠡᠨᠴᠢ ᠢᠲᠡᠭᠡᠮᠵᠢᠲᠡᠶ ᠪᠠᠶᠢᠬᠤ ᠪᠣᠯ ᠬᠤᠳᠠᠯᠳᠤᠭᠠᠨ ᠤ ᠠᠵᠢᠯᠯᠠᠭ᠎ᠠ ᠶᠢᠨ ᠰᠠᠭᠤᠷᠢ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠠᠮᠢᠨ ᠰᠦᠨᠡᠰᠦ ᠮᠥᠨ᠃ ᠲᠡᠷᠡ ᠨᠢ ᠠᠵᠤ ᠠᠬᠤᠶᠢᠯᠠᠯ ᠤᠨ ᠣᠷᠣᠰᠢᠨ ᠲᠣᠭᠲᠠᠨᠢᠬᠤ ᠪᠠ ᠬᠥᠭᠵᠢᠬᠦ ᠶᠢᠨ ᠦᠨᠳᠦᠰᠦ ᠪᠣᠯᠬᠤ ᠪᠠᠷ ᠪᠠᠷᠠᠬᠤ ᠦᠭᠡᠢ᠂ ᠨᠡᠩ ᠴᠤ ᠨᠡᠶᠢᠭᠡᠮ ᠤᠨ ᠪᠣᠯᠪᠠᠰᠤᠨ ᠤ ᠲᠠᠪᠰᠢᠯᠳᠠ ᠶᠢᠨ ᠴᠢᠬᠤᠯᠠ ᠪᠡᠯᠭᠡ ᠲᠡᠮᠳᠡᠭ ᠪᠣᠯᠬᠤ ᠶᠤᠮ᠃
     ᠦᠨᠡᠨᠴᠢ ᠢᠲᠡᠭᠡᠮᠵᠢᠲᠡᠢ ᠢᠦᠢ ᠴᠢᠤᠸᠠᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠦᠨᠡᠨᠴᠢ ᠢᠲᠡᠭᠡᠮᠵᠢᠲᠡᠢ ᠡᠵᠡᠩᠨᠡᠬᠦ᠂ ᠰᠠᠨᠠᠭ᠎ᠠ ᠠᠮᠤᠷ ᠬᠡᠷᠡᠭᠯᠡᠭᠡ ᠬᠢᠬᠦ ᠵᠠᠬ᠎ᠠ ᠳᠡᠯᠭᠡᠭᠦᠷ ᠤᠨ ᠣᠷᠴᠢᠨ ᠨᠦᠬᠦᠴᠡᠯ ᠢ ᠪᠤᠢ ᠪᠣᠯᠭᠠᠬᠤ ᠶᠢᠨ ᠲᠥᠯᠥᠭᠡ᠂ ᠤᠢᠢᠷ᠎ᠠ ᠳᠤ᠂ ᠢᠦᠢ ᠴᠢᠤᠸᠠᠨ ᠲᠣᠭᠤᠷᠢᠭ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠠᠴᠠ ᠭᠤᠣᠯᠯᠠᠨ ᠡᠷᠬᠢᠯᠡᠭᠰᠡᠨ ᠦᠨᠡᠨᠴᠢ ᠢᠲᠡᠭᠡᠮᠵᠢ ᠶᠢᠨ ᠤᠢᠢᠯᠠᠭᠠᠭᠳᠠᠬᠤᠨ ᠤ ᠤᠬᠠᠭᠤᠯᠭ᠎ᠠ ᠶᠢᠨ ᠠᠵᠢᠯᠯᠠᠭ᠎ᠠ ᠳ᠋ᠠ ᠱᠧᠩ ᠺᠦᠢ ᠬᠤᠶᠢᠲᠤ ᠲᠣᠭᠤᠷᠢᠭ ᠤᠨ ᠠᠭᠤᠳᠠᠮ ᠲᠠᠯᠠᠪᠠᠢ ᠳᠤ ᠶᠠᠪᠤᠭᠳᠠᠪᠠ᠃
     ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢᠳ ᠬᠥᠨᠳᠡᠯᠡᠨ ᠪᠢᠴᠢᠭᠡᠰᠦ ᠡᠯᠭᠦᠬᠦ ᠪᠠ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢ ᠤᠶᠠᠯᠳᠤᠭᠤᠯᠬᠤ ᠠᠷᠭ᠎ᠠ ᠬᠡᠯᠪᠡᠷᠢ ᠪᠠᠷ ᠬᠤᠲᠠ ᠶᠢᠨ ᠠᠷᠠᠳ ᠪᠠ ᠡᠵᠡᠩᠨᠡᠯᠲᠡ ᠶᠢᠨ ᠬᠤᠳᠠᠯᠳᠤᠭᠠᠴᠢᠳ ᠲᠤ ᠦᠨᠡᠨᠴᠢ ᠢᠲᠡᠭᠡᠮᠵᠢᠲᠡᠶ ᠪᠠᠷ ᠡᠵᠡᠩᠨᠡᠯᠲᠡ ᠬᠢᠬᠦ ᠶᠢ ᠤᠬᠠᠭᠤᠯᠵᠤ ᠬᠥᠲᠥᠯᠦᠨ ᠵᠢᠯᠣᠭᠤᠳᠴᠤ᠂ ᠰᠠᠭᠤᠭᠠᠯᠢ ᠠᠷᠠᠳ ᠲᠤ ᠪᠠᠷᠠᠭ᠎ᠠ ᠬᠤᠳᠠᠯᠳᠤᠨ ᠠᠪᠴᠤ ᠬᠡᠷᠡᠭᠯᠡᠭᠡ ᠬᠢᠬᠦ ᠳᠡᠭᠡᠨ ᠦᠨᠡᠨᠴᠢ ᠢᠲᠡᠭᠡᠮᠵᠢ ᠲᠠᠢ ᠬᠤᠳᠠᠯᠳᠤᠭᠠᠴᠢᠨ ᠢ ᠰᠣᠩᠭᠤᠵᠤ᠂ ᠢᠲᠡᠭᠡᠯ ᠢᠶᠠᠨ ᠠᠯᠳᠠᠭᠰᠠᠨ ᠬᠤᠳᠠᠯᠳᠤᠭᠠᠴᠢᠨ ᠠᠴᠠ ᠬᠤᠯᠠᠬᠠᠨ ᠪᠠᠶᠢᠬᠤ ᠶᠢ ᠰᠠᠨᠠᠭᠤᠯᠪᠠ᠃
     ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠣᠯᠠᠨ ᠳᠤ ︽ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢ ᠪᠢ ᠠᠮᠠᠯᠳᠠᠵᠤ᠂ ᠪᠣᠯᠪᠠᠰᠤᠨ ᠬᠤᠭᠤᠯᠠᠨ ᠰᠢᠷᠡᠭᠡ ᠶᠢ ᠪᠢ ᠦᠢᠯᠡᠳᠦᠯᠭᠡᠵᠢᠭᠦᠯᠦᠨ᠎ᠡ  ᠥᠷᠭᠡᠨ ᠤᠯᠠᠨ ᠬᠤᠳᠠ ᠶᠢᠨ ᠠᠷᠠᠳ ᠨᠠᠶᠢᠵᠠ ᠨᠠᠷ ᠪᠠ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠳᠤ ᠥᠭᠭᠦᠭᠰᠡᠨ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠥᠭᠴᠦ᠂ ᠲᠤᠬᠠᠢ ᠶᠢᠨ ᠲᠠᠯᠠᠪᠠᠢ ᠶᠢᠨ ᠰᠢᠷᠢᠰ ᠠᠵᠢᠯᠯᠠᠭ᠎ᠠ ᠡᠯᠪᠡᠭ ᠪᠠᠶᠠᠯᠢᠭ ᠠᠭᠤᠯᠭ᠎ᠠ ᠲᠠᠢ ᠪᠠᠶᠢᠵᠤ᠂ ᠶᠡᠭᠡ ᠡᠮᠦᠨ᠎ᠡ ᠵᠡᠭᠡᠯᠢ ᠶᠢᠨ ᠵᠡᠭᠡᠯᠢ ᠭᠤᠳᠤᠮᠵᠢ ᠠᠴᠠ ᠢᠷᠡᠭᠰᠡᠨ ᠰᠢᠨᠬᠤᠸᠠ ᠤᠷᠠᠨ ᠰᠠᠶᠢᠬᠠᠨ ᠤ ᠲᠣᠭᠯᠠᠯᠲᠠ ᠶᠢᠨ ᠠᠩᠬᠢ ᠤᠯᠠᠨ ᠳᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠶᠢ ᠠᠪᠴᠢᠷᠠᠵᠤ᠂ ᠬᠥᠲᠥᠯᠥᠭᠴᠢ ᠪᠣᠯᠤᠨ ᠲᠤᠬᠠᠢ ᠶᠢᠨ ᠲᠠᠯᠠᠪᠠᠢ ᠶᠢᠨ ᠦᠵᠡᠭᠴᠢᠳ ᠦᠨᠡᠨᠴᠢ ᠢᠲᠡᠭᠡᠮᠵᠢᠲᠡᠢ ᠡᠵᠡᠩᠨᠡᠯᠲᠡ ᠶᠢᠨ ᠠᠰᠠᠭᠤᠯᠲᠠ ᠬᠠᠷᠢᠭᠤᠯᠲᠠ ᠶᠢᠨ ᠠᠵᠢᠯᠯᠠᠭ᠎ᠠ ᠥᠷᠨᠢᠭᠦᠯᠵᠦ᠂ ᠠᠭᠤᠷ ᠠᠮᠢᠰᠬᠤᠯ ᠮᠠᠰᠢ ᠬᠦᠷ ᠬᠥᠭᠵᠢᠶᠡᠨ ᠲᠠᠢ ᠪᠠᠶᠢᠯ᠎ᠠ᠃
     ᠡᠨᠡ ᠤᠳᠠᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ ᠨᠡᠩ ᠣᠯᠠᠨ ᠬᠤᠳᠠᠯᠳᠤᠭᠠᠴᠢᠳ ᠤᠨ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠡᠩᠨᠡᠭᠡᠨ ᠳᠤ ᠣᠷᠣᠬᠤ ᠶᠢ ᠬᠥᠭᠵᠢᠭᠡᠵᠦ᠂ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠦᠢᠯᠡᠰ ᠤᠨ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠡᠵᠡᠩᠨᠡᠭᠴᠢᠳ ᠤᠨ ᠦᠨᠡᠨᠴᠢ ᠢᠲᠡᠭᠡᠮᠵᠢᠲᠡᠶ ᠪᠥᠭᠡᠳ ᠬᠠᠤᠯᠢ ᠶᠢ ᠰᠠᠬᠢᠵᠤ ᠡᠵᠡᠩᠨᠡᠬᠦ ᠤᠬᠠᠮᠰᠠᠷ ᠢ ᠴᠢᠩᠭᠠᠷᠠᠭᠤᠯᠤᠭᠰᠠᠨ ᠪᠥᠭᠡᠳ ᠦᠨᠡᠨᠴᠢ ᠢᠲᠡᠭᠡᠮᠵᠢᠲᠡᠶ ᠰᠠᠶᠢᠬᠠᠨ ᠰᠤᠷᠲᠠᠯ ᠢ ᠬᠤᠲᠠ ᠶᠢᠨ ᠠᠷᠠᠳ ᠤᠨ ᠰᠡᠳᠬᠢᠯ ᠳᠤ ᠬᠠᠳᠠᠩᠰᠢᠭᠤᠯᠵᠤ᠂ ᠴᠠᠭ ᠢᠮᠠᠭᠲᠠ ᠦᠨᠡᠨᠴᠢ ᠢᠲᠡᠭᠡᠮᠵᠢᠲᠡᠶ ᠪᠠᠶᠢᠵᠤ᠂ ᠶᠠᠪᠤᠳᠠᠯ ᠪᠣᠯᠭᠠᠨ ᠳᠤ ᠦᠨᠡᠨᠴᠢ ᠢᠲᠡᠭᠡᠮᠵᠢᠲᠡᠶ ᠪᠠᠶᠢᠬᠤ ᠶᠢ ᠡᠷᠬᠢᠮᠯᠡᠬᠦ ᠶᠢ ᠵᠣᠷᠢᠭᠵᠢᠭᠤᠯᠤᠭᠰᠠᠨ ᠪᠠᠶᠢᠨ᠎ᠠ᠃           ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号