ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠤᠨ ᠬᠢᠨ ᠨᠠᠷᠢᠯᠢᠭ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠭᠦᠨᠵᠡᠭᠡᠶ ᠴᠡᠪᠡᠷᠯᠡᠵᠦ ᠠᠷᠢᠭᠤᠨ ᠴᠡᠪᠡᠷ ᠢ ᠪᠠᠲᠤᠯᠠᠪᠠ
ᠨᠡᠶᠢᠲᠡᠯᠡᠭᠰᠡᠨ ᠴᠠᠭ᠄
2024/4/22
     ᠬᠤᠲᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠨᠠᠷᠢᠯᠢᠬᠵᠢᠭᠤᠯᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠤᠨ ᠳᠡᠭᠡᠭᠰᠢᠯᠡᠭᠦᠯᠵᠦ᠂ ᠴᠡᠪᠡᠷ ᠲᠡᠭᠰᠢ᠂ ᠲᠠᠭᠠᠯᠠᠮᠵᠢᠲᠠᠶ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠢ ᠪᠣᠶ ᠪᠤᠯᠭᠠᠬᠤ ᠶᠢᠨ ᠲᠦᠯᠦᠭᠡ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠪᠥᠬᠦ ᠲᠤᠭᠤᠷᠢᠭ ᠤᠨ ᠬᠡᠪᠴᠢᠶᠡᠨ ᠳᠤ ᠣᠷᠴᠢᠨ ᠲᠣᠭᠤᠷᠢᠨ ᠢ ᠶᠡᠭᠡ ᠪᠠᠷ ᠴᠡᠪᠡᠷᠯᠡᠬᠦ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠬᠤᠲᠠ ᠶᠢᠨ ᠣᠷᠴᠢᠨ ᠲᠣᠭᠤᠷᠢᠨ ᠢ ᠭᠤᠶᠣ ᠰᠠᠶᠢᠬᠠᠨ ᠪᠣᠯᠭᠠᠵᠤ᠂ ᠬᠤᠲᠠ ᠶᠢᠨ ᠤᠭ ᠥᠩᠭᠡ ᠶᠢ ᠪᠥᠬᠦ ᠲᠠᠯ᠎ᠠ ᠪᠠᠷ ᠢᠯᠡᠷᠡᠭᠦᠯᠪᠡ᠃
     ᠲᠣᠰ ᠤᠳᠠᠭᠠᠨ ᠤ ᠠᠵᠢᠯᠯᠠᠭ᠎ᠠ ᠨᠢ ᠬᠥᠮᠦᠨ ᠤ ᠬᠦᠴᠦ ᠪᠠᠷ ᠨᠡᠶᠢᠳᠡᠮ ᠱᠦᠭᠦᠷᠳᠡᠬᠦ᠂ ᠪᠥᠬᠦ ᠡᠳᠦᠷ ᠢᠶᠠᠷ ᠢᠶᠠᠨ ᠲᠣᠭᠤᠷᠢᠨ ᠶᠠᠪᠤᠵᠤ ᠴᠡᠪᠡᠷᠯᠡᠬᠦ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠵᠠᠮ ᠴᠡᠪᠡᠷᠯᠡᠬᠦ᠂ ᠤᠰᠤ ᠰᠦᠷᠴᠢᠵᠦ ᠲᠣᠭᠤᠰᠣ ᠪᠠᠭᠤᠷᠠᠭᠤᠯᠬᠤ ᠪᠠ ᠲᠥᠬᠦᠭᠡᠷᠦᠮᠵᠢ ᠶᠢ ᠠᠷᠴᠢᠵᠤ ᠴᠡᠪᠡᠷᠯᠡᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠪᠠ᠃ ᠣᠷᠴᠢᠮ ᠤᠨ ᠡᠳᠦᠷ ᠤᠨ ᠠᠭᠠᠷ ᠤᠨ ᠳᠤᠯᠠᠭᠠᠨ ᠥᠨᠳᠥᠷ᠂ ᠠᠭᠤᠷ ᠠᠮᠢᠰᠬᠤᠯ ᠭᠠᠩ ᠬᠠᠭᠤᠷᠠᠶ ᠪᠠᠶᠢᠬᠤ ᠪᠠᠶᠢᠳᠠᠯ ᠳᠤ ᠴᠢᠭᠯᠡᠭᠦᠯᠦᠨ᠂ ᠮᠠᠰᠢᠨ ᠲᠡᠷᠭᠡᠨ ᠤ ᠠᠵᠢᠯᠯᠠᠬᠤ ᠴᠠᠭ ᠪᠠ ᠬᠦᠴᠦᠯᠡᠴᠡ ᠶᠢ ᠵᠣᠬᠢᠰᠲᠠᠶ ᠲᠣᠬᠢᠷᠠᠭᠤᠯᠵᠤ᠂ ᠮᠠᠰᠢᠨ ᠢᠶᠠᠷ ᠤᠬᠢᠶᠠᠵᠤ ᠴᠡᠪᠡᠷᠯᠡᠬᠦ ᠪᠠ ᠬᠥᠮᠦᠨ ᠤ ᠬᠦᠴᠦ ᠪᠠᠷ ᠠᠷᠴᠢᠵᠤ ᠴᠡᠪᠡᠷᠯᠡᠬᠦ ᠶᠢ ᠤᠶᠠᠯᠳᠤᠭᠤᠯᠬᠤ ᠠᠵᠢᠯ ᠤᠨ ᠵᠠᠭᠪᠤᠷ ᠢ ᠰᠢᠯᠢᠳᠡᠭᠵᠢᠭᠦᠯᠵᠦ᠂ ᠬᠤᠲᠠ ᠶᠢᠨ ᠲᠣᠭᠤᠷᠢᠭ ᠤᠨ ᠭᠤᠤᠯ ᠳᠡᠳ᠋ ᠵᠠᠮ᠂ ᠵᠢᠵᠢᠭ ᠭᠤᠳᠤᠮᠵᠢ᠂ ᠠᠭᠤᠳᠠᠮ ᠲᠠᠯᠠᠪᠠᠶ ᠵᠢᠴᠢ ᠰᠤᠷᠭᠠᠭᠤᠯᠢ ᠶᠢᠨ ᠬᠦᠷᠢᠶ᠎ᠡ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠵᠡᠭᠡᠯᠢ ᠭᠤᠳᠤᠮᠵᠢ ᠪᠠ ᠵᠠᠮ ᠳᠤ ᠪᠣᠰᠤᠭ᠎ᠠ ᠪᠡᠶᠡᠲᠦ ᠬᠡᠯᠪᠡᠷᠢ ᠶᠢᠨ ᠡᠷᠭᠢᠯᠳᠦᠭᠦᠯᠦᠨ ᠤᠬᠢᠶᠠᠵᠤ ᠴᠡᠪᠡᠷᠯᠡᠬᠦ᠂ ᠤᠰᠤ ᠰᠦᠷᠴᠢᠬᠦ᠂ ᠲᠣᠭᠤᠰᠣ ᠪᠠᠭᠤᠷᠠᠭᠤᠯᠬᠤ ᠠᠵᠢᠯ ᠬᠢᠵᠦ᠂ ᠲᠡᠷᠭᠡ ᠥᠩᠭᠡᠷᠡᠬᠦ ᠳᠤ ᠭᠠᠵᠠᠷ ᠴᠡᠪᠡᠷ᠂ ᠵᠠᠮ ᠤᠨ ᠤᠭ ᠥᠩᠭᠡ ᠶᠢ ᠬᠠᠷᠠᠭᠤᠯᠬᠤ ᠶᠢ ᠪᠡᠶᠡᠯᠡᠭᠦᠯᠪᠡ︔ ᠬᠥᠮᠦᠨ ᠤ ᠬᠦᠴᠦ ᠪᠠᠷ ᠭᠤᠤᠯᠳᠠᠯᠭ᠎ᠠ ᠲᠠᠢ ᠵᠠᠮ ᠤᠨ ᠬᠡᠰᠡᠭ ᠤᠨ ᠵᠠᠮ ᠬᠠᠷᠢᠯᠴᠠᠭᠠᠨ ᠤ ᠲᠤᠰᠠᠭᠠᠷᠯᠠᠬᠤ ᠬᠡᠷᠡᠰᠬᠡ᠂ ᠬᠤᠭ ᠨᠣᠪᠰᠢ ᠶᠢᠨ ᠬᠠᠶᠢᠷᠴᠠᠭ᠂ ᠤᠬᠠᠭᠤᠯᠭ᠎ᠠ ᠶᠢᠨ ᠬᠡᠷᠡᠰᠬᠡ᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡᠨ ᠤ ᠫᠠᠶᠢᠰᠠ ᠵᠡᠷᠭᠡ ᠬᠤᠲᠠ ᠵᠢᠴᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠰᠠᠭᠤᠷᠢ ᠲᠥᠬᠦᠭᠡᠷᠦᠮᠵᠢ ᠶᠢ ᠭᠦᠨᠵᠡᠭᠡᠶ ᠤᠬᠢᠶᠠᠵᠤ ᠠᠷᠴᠢᠵᠤ᠂ ︽ᠬᠤᠲᠠ ᠶᠢᠨ ᠬᠡᠷ ᠤᠨ ᠬᠡᠷᠡᠭᠰᠡᠯ︾ ᠤᠨ ᠴᠡᠪᠡᠷ ᠲᠡᠭᠰᠢ ᠪᠠᠶᠢᠬᠤ ᠶᠢ ᠦᠨᠡᠨ ᠬᠦ ᠪᠠᠲᠤᠯᠠᠪᠠ᠃
     ᠳᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠣᠷᠴᠢᠨ ᠲᠣᠭᠤᠷᠢᠨ ᠤ  ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠦᠷᠭᠦᠯᠵᠢᠯᠡᠨ ᠨᠠᠷᠢᠯᠢᠬᠵᠢᠭᠤᠯᠤᠭᠰᠠᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠪᠠᠷ ᠭᠤᠣᠯ ᠰᠢᠵᠢᠮ ᠪᠣᠯᠭᠠᠵᠤ᠂ ᠶᠡᠷᠦᠩᠬᠡᠶᠢᠯᠡᠨ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ︽ᠬᠤᠸᠠᠷ ᠬᠠᠳᠬᠤᠬᠤ ᠡᠷᠳᠡᠮ︾ ᠢᠶᠠᠷ ᠬᠤᠳᠠ ᠶᠢᠨ ︽ᠳᠦᠷᠢ ᠳᠦᠷᠬᠦ︾ ᠶᠢ ᠦᠨᠡᠨᠬᠦ ᠴᠢᠮᠡᠭᠯᠡᠵᠦ᠂ ᠬᠤᠳᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号