ᠢᠦᠶ ᠴᠢᠤᠸᠠᠨ ᠲᠣᠭᠤᠷᠢᠭ ︽ᠬᠢᠯᠢ ᠬᠢᠵᠠᠭᠠᠷ ᠤᠨ ᠲᠡᠯᠡᠶ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢᠳ ᠲᠠᠢ ᠰᠡᠳᠬᠢᠯ ᠵᠢᠷᠦᠬᠡ ᠪᠠᠨ ᠬᠤᠯᠪᠤᠬᠤ︾ ᠠᠯᠪᠠᠨ ᠵᠢᠷᠤᠮ ᠤᠨ ᠡᠮᠴᠢᠯᠡᠭᠡ ᠶᠢ ᠴᠡᠷᠢᠭ ᠤᠨ ᠬᠤᠸᠠᠷᠠᠨ ᠳᠤ ᠤᠷᠤᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/23
     ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠠᠵᠢᠯ ᠢ ᠪᠦᠲᠦᠮᠵᠢᠲᠡᠶ ᠥᠷᠨᠢᠭᠦᠯᠬᠦ ᠶᠢ ᠢᠳᠡᠪᠬᠢᠲᠡᠶ ᠳᠥᠯᠭᠢᠨ ᠠᠬᠢᠭᠤᠯᠵᠤ᠂ ᠪᠥᠬᠦ ᠨᠡᠶᠢᠭᠡᠮ ᠢᠶᠠᠷ ᠢᠶᠠᠨ ᠴᠡᠷᠢᠭ ᠢᠶᠠᠨ ᠡᠷᠬᠢᠮᠯᠡᠨ ᠴᠡᠷᠢᠭ ᠢᠶᠠᠨ ᠬᠠᠶᠢᠷᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠬᠤᠶᠠᠷ ᠢ ᠬᠦᠷᠢᠶᠡᠯᠡᠬᠦ ᠠᠯᠪᠠᠨ ᠬᠡᠷ᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠪᠠᠶ ᠼᠤᠤ ᠲᠠᠩ ᠤᠨ ᠴᠢᠨ ᠣᠪᠣᠭᠲᠤ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠲᠣᠭᠤᠷᠢᠭ ᠲᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠨᠢᠭᠡᠨ ᠴᠡᠷᠢᠭ ᠠᠩᠭᠢ ᠳᠤ ᠬᠦᠷᠴᠦ ︽ᠬᠢᠯᠢ ᠬᠢᠵᠠᠭᠠᠷ ᠤᠨ ᠲᠡᠯᠡᠶ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢᠳ ᠲᠠᠢ ᠰᠡᠳᠬᠢᠯ ᠵᠢᠷᠦᠬᠡ ᠪᠠᠨ ᠬᠤᠯᠪᠣᠬᠤ︾ ᠠᠯᠪᠠᠨ ᠵᠢᠷᠤᠮ ᠤᠨ ᠡᠮᠴᠢᠯᠡᠭᠡ ᠶᠢ ᠴᠡᠷᠢᠭ ᠤᠨ ᠬᠤᠸᠠᠷᠠᠨ ᠳᠤ ᠤᠷᠤᠭᠤᠯᠬᠤ ᠠᠵᠢᠯᠯᠠᠭ᠎ᠠ ᠥᠷᠨᠢᠭᠦᠯᠪᠡ᠃
     ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠳᠤ ᠪᠠᠶ ᠼᠤᠤ ᠲᠠᠩ ᠤᠨ ᠴᠢᠨ ᠣᠪᠣᠭᠲᠤ ᠶᠢᠨ ᠬᠢᠲᠠᠳ ᠮᠤᠩᠭᠤᠯ ᠡᠮᠨᠡᠯᠭᠡ ᠶᠢᠨ ᠬᠤᠷᠢᠶ᠎ᠠ ᠠᠴᠠ ᠬᠢᠲᠠᠳ ᠡᠮᠨᠡᠯᠭᠡ ᠶᠢᠨ ᠰᠠᠯᠠᠭ᠎ᠠ᠂ ᠮᠣᠩᠭᠤᠯ ᠡᠮᠨᠡᠯᠭᠡ ᠶᠢᠨ ᠰᠠᠯᠠᠭᠠᠨ ᠤ 6 ᠲᠤᠰᠬᠠᠶ ᠮᠡᠷᠭᠡᠵᠢᠯᠲᠡᠨ ᠤ ᠭᠤᠤᠯᠯᠠᠭᠴᠢ ᠪᠦᠯᠬᠦᠮ ᠢ ᠲᠣᠮᠢᠯᠠᠨ ᠣᠷᠣᠯᠴᠠᠭᠤᠯᠵᠤ᠂ ᠬᠢᠲᠠᠳ ᠮᠣᠩᠭᠤᠯ ᠡᠮᠨᠡᠯᠭᠡ ᠶᠢᠨ ᠰᠤᠳᠠᠯ ᠪᠠᠷᠢᠬᠤ᠂ ᠵᠡᠭᠦᠤ ᠲᠥᠭᠡᠨᠡᠯᠭᠡ᠂ ᠰᠣᠷᠣᠭᠤᠯ ᠲᠠᠯᠪᠢᠬᠤ ᠠᠷᠭ᠎ᠠ ᠶᠢ ᠬᠡᠷᠡᠭᠯᠡᠨ ᠳᠠᠷᠤᠭ᠎ᠠ ᠪᠠᠶᠢᠯᠳᠤᠭᠴᠢᠳ ᠲᠤ ᠬᠠᠨᠳᠤᠯᠭᠠᠲᠤ ᠴᠢᠨᠠᠷᠲᠠᠶ ᠡᠷᠡᠭᠦᠯ ᠮᠡᠨᠳᠦ ᠶᠢᠨ ᠵᠢᠯᠣᠭᠤᠳᠣᠯᠭ᠎ᠠ ᠬᠢᠪᠡ᠃ ᠡᠭᠦᠨ ᠤ ᠬᠠᠮᠲᠤ ᠳᠠᠷᠤᠭ᠎ᠠ ᠪᠠᠶᠢᠯᠳᠤᠭᠴᠢᠳ ᠲᠤ ᠪᠠᠰᠠ ᠡᠮᠨᠡᠯᠭᠡ ᠶᠢᠨ ᠬᠤᠷᠢᠶᠠᠨ ᠤ ᠥᠪᠡᠷᠲᠡᠭᠡᠨ ᠦᠢᠯᠡᠳᠦᠭᠰᠡᠨ ᠣᠶᠢᠴᠢᠵᠤ ᠰᠢᠷᠬᠠᠲᠤᠭᠰᠠᠨ ᠡᠮ ᠤᠨ ᠵᠦᠢᠯ ᠢ ᠰᠦᠢᠳᠬᠡᠯ ᠬᠤᠷᠢᠶᠠᠬᠤ ᠦᠭᠡᠢ ᠪᠠᠷ ᠬᠦᠷᠭᠡᠵᠦ᠂ ᠳᠠᠷᠤᠭ᠎ᠠ ᠪᠠᠶᠢᠯᠳᠤᠭᠴᠢᠳ ᠤᠨ ᠡᠮ ᠡᠮᠨᠡᠯᠭᠡ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠬᠦᠴᠦᠲᠡᠢ ᠬᠠᠪᠰᠤᠷᠤᠯᠭ᠎ᠠ ᠦᠵᠡᠭᠦᠯᠪᠡ᠃
     ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡ ᠶᠢ ᠴᠡᠷᠢᠭ ᠤᠨ ᠬᠤᠸᠠᠷᠠᠨ ᠳᠤ ᠤᠷᠤᠭᠤᠯᠬᠤ ᠠᠵᠢᠯᠯᠠᠭ᠎ᠠ ᠪᠠᠷ ᠳᠠᠮᠵᠢᠭᠤᠯᠤᠨ ᠳᠠᠷᠤᠭ᠎ᠠ ᠪᠠᠶᠢᠯᠳᠤᠭᠴᠢᠳ ᠲᠤ ᠡᠷᠡᠭᠦᠯ ᠮᠡᠨᠳᠦ ᠶᠢᠨ ᠪᠣᠳᠠᠲᠤ ᠬᠡᠷᠡᠭᠯᠡᠭᠡᠨ ᠤ ᠮᠡᠳᠡᠯᠭᠡ ᠶᠢ ᠡᠵᠡᠮᠰᠢᠭᠦᠯᠦᠭᠰᠡᠨ ᠢᠶᠠᠷ ᠪᠠᠷᠠᠬᠤ ᠥᠬᠡᠶ ᠪᠠᠰᠠ ᠲᠡᠳᠡᠨ ᠤ ᠡᠳᠦᠷ ᠲᠤᠲᠤᠮ ᠤᠨ ᠪᠣᠯᠪᠠᠰᠤᠷᠠᠯ ᠤᠨ ᠳᠤᠮᠳᠠᠬᠢ ᠥᠪᠡᠷ ᠢ ᠪᠠᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠴᠡᠷᠢᠭ ᠠᠩᠭᠢ ᠶᠢᠨ ᠪᠥᠬᠦ ᠲᠠᠯ᠎ᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ᠂ ᠴᠡᠷᠢᠭ ᠤᠨ ᠰᠤᠷᠭᠠᠭᠤᠯᠢᠯᠠᠯ ᠤᠨ ᠡᠷᠡᠭᠦᠯ ᠢᠶᠠᠷ ᠬᠥᠭᠵᠢᠬᠦ ᠶᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ᠂ ᠳᠠᠷᠤᠭ᠎ᠠ ᠪᠠᠶᠢᠯᠳᠤᠭᠴᠢᠳ ᠤᠨ ᠬᠦᠷᠢᠶᠡᠯᠡᠯ ᠪᠠ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃
     ᠡᠨᠡ ᠤᠳᠠᠭ᠎ᠠ ᠶᠢᠨ ︽ᠬᠢᠯᠢ ᠬᠢᠵᠠᠭᠠᠷ ᠤᠨ ᠲᠡᠯᠡᠶ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢᠳ ᠲᠠᠢ ᠰᠡᠳᠬᠢᠯ ᠵᠢᠷᠦᠬᠡ ᠪᠠᠨ ᠬᠤᠯᠪᠤᠬᠤ︾ ᠠᠯᠪᠠᠨ ᠵᠢᠷᠤᠮ ᠤᠨ ᠡᠮᠴᠢᠯᠡᠭᠡ ᠶᠢ ᠴᠡᠷᠢᠭ ᠤᠨ ᠬᠤᠸᠠᠷᠠᠨ ᠳᠤ ᠤᠷᠤᠭᠤᠯᠬᠤ ᠠᠵᠢᠯᠯᠠᠭ᠎ᠠ ᠨᠢ ᠴᠡᠷᠢᠭ ᠠᠷᠠᠳ ᠤᠨ ︽ᠵᠢᠭᠠᠰᠤ ᠤᠰᠤᠨ ᠤ ᠨᠥᠬᠦᠷᠯᠡᠯ︾ ᠢ ᠵᠤᠵᠠᠭᠠᠳᠬᠠᠭᠰᠠᠨ ᠢᠶᠠᠷ ᠪᠠᠷᠠᠬᠤ ᠥᠬᠡᠶ ᠪᠠᠰᠠ ᠴᠡᠷᠢᠭ ᠠᠷᠠᠳ ᠤᠨ ᠪᠦᠯᠬᠦᠮᠳᠡᠯ᠂ ᠴᠡᠷᠢᠭ ᠠᠵᠤ ᠠᠬᠤᠶᠢᠯᠠᠯ ᠤᠨ ᠬᠠᠮᠲᠤ ᠶᠢᠨ ᠪᠠᠶᠢᠭᠤᠯᠤᠯᠲᠠ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠢᠦᠢ ᠴᠢᠤᠸᠠᠨ ᠲᠣᠭᠤᠷᠢᠭ ᠤᠨ ᠬᠤᠶᠠᠷ ᠢ ᠬᠦᠷᠢᠶᠡᠯᠡᠬᠦ ᠠᠯᠪᠠᠨ ᠬᠡᠷ᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠬᠢᠨ ᠣᠯᠠᠨ ᠬᠡᠯᠪᠡᠷᠢ ᠶᠢᠨ ︽ᠴᠡᠷᠢᠭ ᠤᠨ ᠬᠤᠸᠠᠷᠠᠨ ᠳᠤ ᠣᠷᠣᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠳᠤ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠨᠡᠶᠢᠭᠡᠮᠴᠢᠯᠡᠭᠰᠡᠨ ᠴᠡᠷᠢᠭ ᠢᠶᠠᠨ ᠬᠦᠷᠢᠶᠡᠯᠡᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠴᠡᠷᠢᠭ ᠠᠩᠭᠢ ᠪᠠ ᠣᠷᠣᠨ ᠨᠤᠲᠤᠭ ᠭᠠᠷ ᠬᠤᠯᠪᠣᠨ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠰᠢᠨ᠎ᠡ ᠬᠠᠭᠤᠳᠠᠰᠤ ᠶᠢ ᠪᠢᠴᠢᠭᠯᠡᠨ᠎ᠡ᠃
          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号