ᠶᠡᠭᠡ ᠵᠤᠤ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ 4.23 ᠤ ᠳᠡᠯᠡᠬᠡᠶ ᠶᠢᠨ ᠨᠣᠮ ᠤᠩᠰᠢᠬᠤ ᠡᠳᠦᠷ ᠤᠨ ᠰᠣᠩᠭᠤᠳᠠᠭ ᠨᠣᠮ ᠪᠢᠴᠢᠭ ᠢ ᠬᠠᠮᠲᠤ ᠪᠠᠷ ᠤᠩᠰᠢᠬᠤ ᠴᠤᠭᠯᠠᠭᠠᠨ ᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/4/24
     ᠰᠠᠭᠤᠭᠠᠯᠢ ᠠᠷᠠᠳ ᠤᠨ ᠤᠩᠰᠢᠯᠭ᠎ᠠ ᠶᠢᠨ ᠳᠠᠳᠬᠠᠯ ᠢ ᠬᠥᠮᠦᠵᠢᠭᠦᠯᠵᠦ᠂ ᠰᠠᠭᠤᠭᠠᠯᠢ ᠠᠷᠠᠳ ᠤᠨ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠨᠡᠶᠢᠭᠡᠮ ᠲᠣᠭᠤᠷᠢᠭ ᠤᠨ ᠰᠣᠶᠣᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠢᠳᠡᠪᠬᠢᠲᠡᠶ ᠥᠭᠡᠳᠡᠷᠬᠡᠭ ᠤᠩᠰᠢᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 4 ᠳ᠋ᠤᠭᠡᠷ ᠰᠠᠷ᠎ᠠ ᠶᠢᠨ 21 ᠤ ᠡᠳᠦᠷ᠂ ᠢᠦᠢ ᠴᠢᠤᠸᠠᠨ ᠲᠣᠭᠤᠷᠢᠭ ᠤᠨ ᠶᠡᠭᠡ ᠵᠤᠤ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ᠠᠴᠠ ᠭᠤᠣᠯᠯᠠᠨ ᠡᠷᠬᠢᠯᠡᠵᠦ᠂ ᠬᠥᠬᠡᠬᠤᠲᠠ ᠶᠢᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠵᠦ᠂ ᠪᠤᠳᠢ ᠰᠤᠪᠤᠷᠭ᠎ᠠ ᠶᠢᠨ ᠠᠭᠤᠳᠠᠮ ᠲᠠᠯᠠᠪᠠᠢ ᠳᠤ ︽4.23 ᠤ ᠳᠡᠯᠡᠬᠡᠢ ᠶᠢᠨ ᠨᠣᠮ ᠤᠩᠰᠢᠬᠤ ᠡᠳᠦᠷ ᠤᠨ ᠰᠣᠩᠭᠤᠳᠠᠭ ᠨᠣᠮ ᠪᠢᠴᠢᠭ ᠢ ᠬᠠᠮᠲᠤ ᠪᠠᠷ ᠤᠩᠰᠢᠬᠤ ᠴᠤᠭᠯᠠᠭᠠᠨ︾ ᠤ ᠠᠵᠢᠯᠯᠠᠭ᠎ᠠ ᠥᠷᠨᠢᠭᠦᠯᠵᠡᠢ᠃
     ᠠᠵᠢᠯᠯᠠᠭ᠎ᠠ ᠶᠢᠨ ᠠᠬᠤᠶ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠲᠠᠢ ᠪᠠᠶᠢᠵᠤ᠂ ᠭᠤᠤᠯᠳᠠᠭᠤ ᠬᠤᠶᠠᠷ ᠭᠤᠭᠴᠤᠭ᠎ᠠ ᠶᠢ ᠲᠣᠬᠢᠷᠠᠭᠤᠯᠪᠠ᠄ ᠠᠵᠢᠯᠯᠠᠭ᠎ᠠ ᠶᠢᠨ ᠳᠤᠮᠳᠠ ᠨᠡᠶᠢᠭᠡᠮ ᠲᠣᠭᠤᠷᠢᠭ ᠤᠨ ᠬᠢᠨ ᠡᠯᠪᠡᠭ ᠪᠠᠶᠠᠯᠢᠭ ᠣᠯᠠᠨ ᠶᠠᠩᠵᠤ ᠶᠢᠨ ᠨᠣᠮ ᠪᠢᠴᠢᠭ ᠤᠨ ᠪᠤᠯᠤᠩ ᠲᠤᠬᠢᠷᠠᠭᠤᠯᠵᠤ᠂ ᠡᠯ᠎ᠡ ᠲᠥᠷᠥᠯ ᠤᠨ ᠰᠡᠳᠦᠪᠯᠡᠬᠦᠨ ᠪᠦᠬᠦᠢ ᠨᠣᠮ ᠪᠢᠴᠢᠭ ᠢ ᠬᠠᠮᠤᠷᠴᠤ᠂ ᠰᠣᠩᠭᠤᠳᠠᠭ ᠤᠷᠠᠨ ᠵᠣᠬᠢᠶᠠᠯ ᠠᠴᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠨᠣᠮ ᠪᠢᠴᠢᠭ᠂ ᠬᠡᠦᠬᠡᠳ ᠤᠨ ᠵᠢᠷᠤᠭᠲᠤ ᠳᠡᠪᠲᠡᠷ ᠠᠴᠠ ᠨᠠᠰᠤᠨ ᠳᠤ ᠬᠦᠷᠦᠭᠰᠡᠳ ᠤᠨ ᠨᠣᠮ ᠪᠢᠴᠢᠭ ᠬᠦᠷᠲᠡᠯ᠎ᠡ᠂ ᠠᠳᠠᠯᠢ ᠪᠤᠰᠤ ᠨᠠᠰᠤᠨ ᠤ ᠰᠠᠭᠤᠭᠠᠯᠢ ᠠᠷᠠᠳ ᠤᠨ ᠤᠩᠰᠢᠯᠭ᠎ᠠ ᠶᠢᠨ ᠬᠡᠷᠡᠭᠴᠡᠭᠡ ᠶᠢ ᠬᠠᠩᠭᠠᠭᠰᠠᠨ ᠪᠠᠶᠢᠨ᠎ᠠ᠃ ᠵᠠᠷᠢᠮ ᠰᠠᠭᠤᠭᠠᠯᠢ ᠠᠷᠠᠳ ᠥᠪᠡᠷ ᠤᠨ ᠰᠤᠯᠠ ᠪᠠᠶᠢᠭ᠎ᠠ ᠨᠣᠮ ᠪᠢᠴᠢᠭ ᠢᠶᠠᠨ ᠢᠳᠡᠪᠬᠢᠲᠡᠶ ᠬᠠᠨᠳᠢᠪᠯᠠᠬᠤ ᠶᠢᠨ ᠬᠠᠮᠲᠤ ᠪᠠᠰᠠ ᠪᠤᠰᠤᠳ ᠤᠨ ᠬᠤᠪᠢᠶᠠᠯᠴᠠᠭᠰᠠᠨ ᠨᠣᠮ ᠪᠢᠴᠢᠭ ᠢ ᠴᠢᠯᠥᠭᠡᠲᠡᠶ ᠪᠠᠷ ᠵᠢᠭᠡᠯᠡᠨ ᠤᠩᠰᠢᠵᠤ᠂ ᠰᠤᠯᠠ ᠪᠠᠶᠢᠭ᠎ᠠ ᠨᠣᠮ ᠪᠢᠴᠢᠭ ᠤᠨ ᠡᠬᠢ ᠪᠠᠶᠠᠯᠢᠭ ᠤᠨ ᠦᠨ᠎ᠡ ᠦᠷᠳᠡᠭ ᠢ ᠭᠦᠢᠴᠡᠳ ᠪᠠᠳᠠᠷᠠᠭᠤᠯᠵᠤ᠂ ᠵᠦᠢ ᠵᠣᠬᠢᠰᠲᠠᠶ ᠪᠠᠷ ᠲᠣᠬᠢᠷᠠᠭᠤᠯᠤᠨ ᠡᠷᠭᠢᠯᠳᠦᠭᠦᠯᠦᠨ ᠠᠰᠢᠭᠯᠠᠵᠤ᠂ ᠨᠣᠮ ᠪᠢᠴᠢᠭ ᠤᠨ ᠬᠥᠪᠪᠥᠯᠲᠡ ᠪᠠ ᠮᠡᠳᠡᠯᠭᠡ ᠶᠢ ᠬᠠᠮᠲᠤ ᠪᠠᠷ ᠬᠦᠷᠲᠡᠬᠦ ᠶᠢ ᠪᠡᠶᠡᠯᠡᠭᠦᠯᠵᠡᠶ᠃
     ᠡᠭᠦᠨ ᠠᠴᠠ ᠭᠠᠳᠠᠨ᠎ᠠ᠂ ᠪᠦᠲᠦᠭᠡᠯᠴᠢ ᠴᠢᠨᠠᠷ ᠲᠠᠢ ᠨᠣᠮ ᠤᠨ ᠦᠨᠦᠷ ᠢᠶᠠᠷ ᠴᠡᠴᠡᠭ ᠤᠨ ᠦᠨᠦᠷ ᠢ ᠰᠣᠯᠢᠬᠤ ᠭᠤᠭᠴᠤᠭ᠎ᠠ ᠣᠯᠠᠨ ᠤ ᠬᠠᠯᠠᠭᠤᠨ ᠬᠦᠷᠢᠶᠡᠯᠡᠯ ᠢ ᠣᠯᠤᠭᠰᠠᠨ ᠪᠠᠶᠢᠨ᠎ᠠ᠃ ᠰᠠᠭᠤᠭᠠᠯᠢ ᠠᠷᠠᠳ ᠥᠪᠡᠷ ᠤᠨ ᠭᠡᠷ ᠲᠡᠭᠡᠨ ᠰᠤᠯᠠ ᠪᠠᠶᠢᠬᠤ ᠪᠥᠭᠡᠳ ᠰᠤᠷᠭᠠᠨ ᠬᠥᠮᠦᠵᠢᠭᠦᠯᠬᠦ ᠠᠴᠢ ᠬᠤᠯᠪᠣᠭᠳᠠᠯ ᠲᠠᠢ ᠨᠣᠮ ᠪᠢᠴᠢᠭ ᠢᠶᠠᠨ ᠠᠵᠢᠯᠯᠠᠭ᠎ᠠ ᠶᠢᠨ ᠲᠠᠯᠠᠪᠠᠢ ᠳᠤ ᠠᠪᠴᠢᠷᠠᠨ ᠦᠵᠡᠰᠬᠦᠯᠡᠩ ᠰᠠᠶᠢᠬᠠᠨ ᠰᠣᠷᠭᠤᠭ ᠴᠡᠴᠡᠭ ᠰᠣᠯᠢᠵᠤ ᠠᠪᠴᠠᠢ᠃ ᠡᠲᠡᠭᠡᠷ ᠰᠣᠷᠭᠤᠭ ᠴᠡᠴᠡᠭ ᠨᠢ ᠰᠠᠭᠤᠭᠠᠯᠢ ᠠᠷᠠᠳ ᠤᠨ ᠠᠮᠢᠳᠤᠷᠠᠯ ᠳᠤ ᠭᠤᠶᠢᠳᠠ ᠰᠠᠶᠢᠬᠠᠨ ᠥᠩᠭᠡ ᠪᠤᠳᠤᠭ ᠨᠡᠮᠡᠷᠢᠯᠡᠭᠰᠡᠨ ᠢᠶᠠᠷ ᠪᠠᠷᠠᠬᠤ ᠥᠬᠡᠶ᠂ ᠪᠠᠰᠠ ᠠᠵᠢᠯᠯᠠᠭ᠎ᠠ ᠶᠢ ᠠᠮᠢᠵᠢᠷᠠᠯ ᠤᠨ ᠬᠦᠴᠦᠨ ᠢᠶᠠᠷ ᠪᠢᠯᠬᠠᠭᠤᠯᠤᠭᠰᠠᠨ ᠪᠠᠶᠢᠨ᠎ᠠ᠃
     ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠲᠦᠢᠯ ᠤᠨ ᠶᠡᠭᠡ ᠪᠠᠷ ᠪᠠᠶᠠᠯᠢᠭᠵᠢᠭᠤᠯᠵᠤ᠂ ᠨᠡᠶᠢᠭᠡᠮ ᠲᠣᠭᠤᠷᠢᠭ ᠤᠨ ᠪᠦᠷᠢᠯᠳᠦᠬᠦᠨ ᠤ ᠬᠤᠭᠤᠷᠣᠨᠳᠣᠬᠢ ᠬᠠᠷᠢᠯᠴᠠᠭ᠎ᠠ ᠪᠠ ᠪᠦᠯᠬᠦᠮᠳᠡᠯ ᠢ ᠨᠡᠮᠡᠭᠳᠡᠭᠦᠯᠦᠨ᠂ ᠪᠥᠬᠦ ᠠᠷᠠᠳ ᠢᠶᠠᠷ ᠢᠶᠠᠨ ᠨᠣᠮ ᠪᠢᠴᠢᠭ ᠤᠩᠰᠢᠬᠤ ᠠᠭᠤᠷ ᠠᠮᠢᠰᠬᠤᠯ ᠢ ᠪᠣᠶ ᠪᠣᠯᠭᠠᠵᠤ᠂ ᠰᠤᠷᠤᠯᠴᠠᠬᠤ ᠮᠠᠶ᠋ᠢᠭ ᠤᠨ ᠨᠡᠶᠢᠭᠡᠮ ᠢ ᠪᠠᠶᠢᠭᠤᠯᠬᠤ ᠶᠢ ᠳᠥᠯᠭᠢᠨ ᠠᠬᠢᠭᠤᠯᠬᠤ ᠳᠤ ᠠᠰᠢᠭᠲᠠᠶ ᠶᠤᠮ᠃          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号