ᠪᠤᠳᠢ ᠰᠤᠪᠤᠷᠭ᠎ᠠ ᠶᠢᠨ ᠪᠠᠷᠠᠭᠤᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ᠬᠠᠷᠢᠶ᠎ᠠ ᠣᠷᠣᠨ ᠤ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠵᠤ ᠪᠠᠶᠢᠭ᠎ᠠ ᠦᠵᠡᠭᠳᠡᠯ ᠢ ᠲᠥᠪᠯᠡᠷᠡᠭᠦᠯᠦᠨ ᠴᠡᠭᠴᠡᠯᠡᠨ ᠵᠠᠰᠠᠪᠠ
ᠨᠡᠶᠢᠲᠡᠯᠡᠭᠰᠡᠨ ᠴᠠᠭ᠄
2024/4/24
     ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠣᠯᠪᠠᠰᠤᠨ ᠬᠡᠪ ᠴᠢᠨᠠᠷ ᠢ ᠳᠡᠭᠡᠭᠰᠢᠯᠡᠭᠦᠯᠦᠨ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠠᠶᠢᠳᠠᠯ ᠢ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ ᠦᠵᠡᠯ ᠤᠬᠠᠮᠰᠠᠷ ᠢ ᠨᠡᠮᠡᠭᠳᠡᠭᠦᠯᠦᠨ᠂ ᠴᠡᠪᠡᠷ ᠲᠡᠭᠰᠢ᠂ ᠡᠮᠬᠢ ᠵᠢᠷᠤᠮ ᠲᠠᠢ ᠤᠷᠤᠰᠢᠨ ᠰᠠᠭᠤᠬᠤ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠪᠤᠳᠢ ᠰᠤᠪᠤᠷᠭ᠎ᠠ ᠶᠢᠨ ᠪᠠᠷᠠᠭᠤᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠢᠦᠶ ᠴᠢᠤᠸᠠᠨ ᠲᠣᠭᠤᠷᠢᠭ ᠤᠨ ᠯᠢᠩ ᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠲᠠᠢ ᠬᠠᠮᠲᠤᠷᠠᠨ ︽ᠲᠥᠯᠥᠪᠵᠢᠭᠦᠯᠦᠨ ᠬᠠᠮᠢᠶᠠᠷᠬᠤ — ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠶᠢ ᠡᠰᠡᠷᠭᠦᠴᠡᠬᠦ︾ ᠭᠤᠤᠯ ᠰᠡᠳᠦᠪᠲᠦ ᠠᠵᠢᠯᠯᠠᠭ᠎ᠠ ᠶᠢ ᠬᠠᠮᠲᠤᠷᠠᠨ ᠡᠷᠭᠢᠯᠡᠪᠡ᠃
     ᠠᠵᠢᠯᠯᠠᠭ᠎ᠠ ᠡᠬᠢᠯᠡᠭᠰᠡᠨ ᠤ ᠳᠠᠷᠠᠭ᠎ᠠ᠂ ᠨᠡᠶᠢᠭᠡᠮ ᠲᠣᠭᠤᠷᠢᠭ ᠤᠨ ᠠᠵᠢᠯᠲᠠᠳ ᠲᠠᠩ ᠬᠠᠭᠤᠳᠠᠰᠤ ᠲᠠᠷᠬᠠᠭᠠᠬᠤ ᠵᠢᠴᠢ ᠲᠠᠶᠢᠯᠤᠮᠵᠢ ᠬᠢᠬᠦ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠵᠢᠷᠤᠮᠵᠢᠭᠰᠠᠨ ᠬᠠᠮᠢᠶᠠᠷᠤᠯᠲᠠ ᠶᠢ ᠣᠶᠢᠯᠠᠭᠠᠭᠤᠯᠵᠤ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠶᠢ ᠡᠰᠡᠷᠭᠦᠴᠡᠬᠦ ᠶᠢᠨ ᠴᠢᠬᠤᠯᠠ ᠴᠢᠨᠠᠷ ᠢ ᠣᠶᠢᠯᠠᠭᠠᠭᠤᠯᠵᠤ᠂ ᠡᠭᠦᠨ ᠢᠶᠠᠷ ᠳᠠᠮᠵᠢᠭᠤᠯᠤᠨ ᠵᠢᠷᠤᠮᠵᠢᠭᠰᠠᠨ ᠬᠠᠮᠢᠶᠠᠷᠤᠯᠲᠠ ᠪᠠ ᠳᠤᠷ᠎ᠠ ᠪᠠᠷ ᠢᠶᠠᠨ ᠲᠠᠯᠪᠢᠬᠤ ᠶᠢ ᠡᠰᠡᠷᠭᠦᠴᠡᠬᠦ ᠶᠢᠨ ᠴᠢᠬᠤᠯᠠ ᠠᠴᠢ ᠬᠤᠯᠪᠣᠭᠳᠠᠯ ᠢ ᠤᠯᠠᠮᠵᠢᠯᠠᠪᠠ᠃ ᠵᠠᠯᠭᠠᠭᠠᠳ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠨᠡᠶᠢᠲᠡ ᠶᠢᠨ ᠮᠠᠰᠢᠨ ᠲᠡᠷᠭᠡ ᠶᠢ ᠵᠦᠶ ᠵᠣᠬᠢᠰᠲᠠᠶ ᠪᠠᠷ ᠲᠠᠯᠪᠢᠵᠤ᠂ ᠰᠠᠭᠤᠭᠠᠯᠢ ᠠᠷᠠᠳ ᠢ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠠᠮᠢᠳᠤᠷᠠᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠨ ᠬᠦ ᠮᠡᠳᠡᠷᠡᠭᠦᠯᠵᠦ᠂ ᠰᠢᠭᠤᠳ ᠲᠠᠨᠢᠯᠲᠠ ᠶᠢ ᠨᠢ ᠨᠡᠮᠡᠭᠳᠡᠭᠦᠯᠬᠦ ᠪᠣᠯᠭᠠᠵᠠᠶ᠃ ᠠᠵᠢᠯᠯᠠᠭ᠎ᠠ ᠶᠢᠨ ᠡᠴᠦᠰ ᠲᠤ᠂ ᠰᠠᠭᠤᠭᠠᠯᠢ ᠠᠷᠠᠳ ᠤᠨ ᠨᠡᠶᠢᠭᠡᠮ ᠲᠣᠭᠤᠷᠢᠭ ᠤᠨ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠬᠤ ᠶᠢᠨ ᠲᠥᠯᠥᠭᠡ᠂ ᠱᠠᠩᠨᠠᠯ ᠤᠨ ᠪᠣᠳᠠᠰ ᠲᠠᠷᠬᠠᠭᠠᠭᠰᠠᠨ ᠪᠠᠶᠢᠨ᠎ᠠ᠃
     ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠪᠢᠳᠡ ᠰᠠᠭᠤᠭᠠᠯᠢ ᠠᠷᠠᠳ ᠤᠨ ᠵᠢᠷᠤᠮᠵᠢᠭᠰᠠᠨ ᠬᠠᠮᠢᠶᠠᠷᠤᠯᠲᠠ ᠶᠢᠨ ᠲᠤᠬᠠᠶ ᠲᠠᠨᠢᠯᠲᠠ ᠪᠠ ᠴᠢᠬᠤᠯᠠᠴᠢᠯᠠᠬᠤ ᠬᠡᠮᠵᠢᠶ᠎ᠡ ᠶᠢ ᠠᠮᠵᠢᠯᠲᠠ ᠲᠠᠢ ᠪᠠᠷ ᠳᠡᠭᠡᠭᠰᠢᠯᠡᠭᠦᠯᠵᠦ᠂ ᠵᠢᠷᠤᠮᠵᠢᠭᠰᠠᠨ ᠬᠠᠮᠢᠶᠠᠷᠤᠯᠲᠠ ᠶᠢᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠪᠠ ᠠᠮᠢᠳᠤᠷᠠᠯ ᠤᠨ ᠴᠢᠨᠠᠷ ᠴᠢᠨᠰᠠᠭ᠎ᠠ ᠳᠤ ᠦᠵᠡᠭᠦᠯᠬᠦ ᠵᠠᠩᠭᠢᠯᠠᠭ᠎ᠠ ᠶᠢᠨ ᠠᠴᠢ ᠬᠤᠯᠪᠣᠭᠳᠠᠯ ᠢ ᠲᠡᠳᠡᠨ ᠳᠤ ᠭᠦᠨᠵᠡᠭᠡᠶ ᠣᠶᠢᠯᠠᠭᠠᠭᠤᠯᠪᠠ᠃ ᠡᠨᠡ ᠬᠦ ᠠᠵᠢᠯᠯᠠᠭ᠎ᠠ ᠨᠢ ᠰᠠᠭᠤᠭᠠᠯᠢ ᠠᠷᠠᠳ ᠤᠨ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠶᠢ ᠡᠰᠡᠷᠭᠦᠴᠡᠬᠦ ᠤᠬᠠᠮᠰᠠᠷ ᠢ ᠬᠦᠴᠦᠲᠡᠶ ᠴᠢᠩᠭᠠᠷᠠᠭᠤᠯᠵᠤ᠂ ᠲᠡᠳᠡᠨ ᠳᠤ ᠡᠶᠢᠮᠦᠷᠬᠦᠦ ᠠᠵᠢᠯᠯᠠᠭ᠎ᠠ ᠶᠢᠨ ᠠᠮᠢᠳᠤᠷᠠᠯ ᠤᠨ ᠣᠷᠴᠢᠨ ᠲᠣᠭᠤᠷᠢᠨ ᠳᠤ ᠦᠵᠡᠭᠦᠯᠬᠦ ᠨᠠᠵᠠᠭᠠᠶ ᠨᠥᠯᠥᠭᠡ ᠶᠢ ᠭᠦᠨᠵᠡᠭᠡᠶ ᠣᠶᠢᠯᠠᠭᠠᠭᠤᠯᠤᠭᠰᠠᠨ ᠪᠠᠶᠢᠨ᠎ᠠ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号