ᠨᠠᠨ ᠬᠤ᠋ ᠨᠡᠶᠢᠭᠡᠮ ᠲᠣᠭᠤᠷᠢᠭ ᠤᠨ ᠬᠢᠨ ᠲᠤᠤ ᠯᠢ ᠨᠡᠶᠢᠭᠡᠮ ᠲᠣᠭᠤᠷᠢᠭ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠠᠵᠢᠯ ᠠᠴᠠ ᠪᠠᠨ ᠠᠮᠠᠷᠠᠭᠰᠠᠳ ᠠᠵᠢᠯ ᠠᠴᠠ ᠪᠠᠨ ᠪᠠᠭᠤᠭᠰᠠᠳ ᠤᠨ ᠠᠵᠢᠯ ᠤᠨ ᠭᠠᠵᠠᠷ ᠲᠠᠢ ᠬᠠᠮᠲᠤᠷᠠᠨ ︽ᠬᠠᠪᠤᠷ ᠤᠨ ᠰᠠᠯᠬᠢ᠂ ᠵᠡᠭᠦᠳᠦᠨ ᠤ ᠰᠢᠪᠠᠭᠤ︾ ᠬᠦᠳᠡᠯᠭᠡᠭᠡᠨ ᠢ ᠬᠠᠮᠲᠤᠪᠠᠷ ᠡᠷᠬᠢᠯᠡᠪᠡ
ᠨᠡᠶᠢᠲᠡᠯᠡᠭᠰᠡᠨ ᠴᠠᠭ᠄
2024/4/24
     ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠠᠵᠢᠯ ᠤᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠵᠤ᠂ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠢ ᠬᠠᠮᠲᠤᠪᠠᠷ ᠪᠠᠶᠢᠭᠤᠯᠬᠤ ᠶᠢᠨ ᠲᠥᠯᠥᠭᠡ᠂ ᠨᠠᠨ ᠬᠤ᠋ ᠨᠡᠶᠢᠭᠡᠮ ᠲᠣᠭᠤᠷᠢᠭ ᠤᠨ ᠬᠢᠨ ᠲᠤᠤ ᠯᠢ ᠨᠡᠶᠢᠭᠡᠮ ᠲᠣᠭᠤᠷᠢᠭ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠠᠵᠢᠯ ᠠᠴᠠ ᠪᠠᠨ ᠠᠮᠠᠷᠠᠭᠰᠠᠳ ᠠᠵᠢᠯ ᠠᠴᠠ ᠪᠠᠨ ᠪᠠᠭᠤᠭᠰᠠᠳ ᠤᠨ ᠠᠵᠢᠯ ᠤᠨ ᠭᠠᠵᠠᠷ ᠲᠠᠢ ᠬᠠᠮᠲᠤᠷᠠᠨ ᠨᠠᠨ ᠬᠤ᠋ ᠨᠠᠭᠤᠷ ᠤᠨ ᠨᠤᠭᠤ ᠭᠠᠵᠠᠷ ᠤᠨ ᠴᠡᠴᠡᠷᠯᠢᠭ ᠤᠨ ᠲᠠᠯ᠎ᠠ ᠨᠤᠲᠤᠭ ᠤᠨ ᠦᠵᠡᠮᠵᠢ ᠶᠢᠨ ᠣᠷᠣᠨ ᠳᠤ ︽ᠬᠠᠪᠤᠷ ᠤᠨ ᠰᠠᠯᠬᠢ᠂ ᠵᠡᠭᠦᠳᠦᠨ ᠤ ᠰᠢᠪᠠᠭᠤ︾ ᠶᠢᠨ ᠠᠵᠢᠯᠯᠠᠭ᠎ᠠ ᠶᠢ ᠬᠠᠮᠲᠤᠪᠠᠷ ᠡᠷᠬᠢᠯᠡᠵᠡᠢ᠃
     ᠬᠥᠳᠡᠯᠭᠡᠭᠡᠨ ᠡᠬᠢᠯᠡᠭᠰᠡᠨ ᠤ ᠳᠠᠷᠠᠭ᠎ᠠ᠂ ᠰᠠᠭᠤᠭᠠᠯᠢ ᠠᠷᠠᠳ ᠥᠪᠡᠷ ᠤᠨ ᠤᠷᠢᠳᠴᠢᠯᠠᠨ ᠪᠡᠯᠡᠳᠬᠡᠭᠰᠡᠨ ᠴᠠᠭᠠᠰᠤᠨ ᠰᠢᠪᠠᠭᠤ ᠪᠠᠨ ᠨᠢᠰᠬᠡᠵᠦ᠂ ᠠᠭᠱᠠᠨ ᠵᠠᠭᠤᠷ᠎ᠠ ᠡᠯᠳᠡᠪ ᠶᠠᠩᠵᠤ ᠶᠢᠨ᠂ ᠶᠡᠭᠡ ᠪᠠᠭ᠎ᠠ ᠨᠢ ᠠᠳᠠᠯᠢ ᠪᠤᠰᠤ ᠴᠠᠭᠠᠰᠤᠨ ᠰᠢᠪᠠᠭᠤ ᠬᠠᠪᠤᠷ ᠤᠨ ᠰᠠᠯᠬᠢᠨ ᠤ ᠢᠯᠪᠢᠯᠲᠡ ᠪᠠᠷ ᠣᠭᠲᠠᠷᠭᠤᠶ ᠳᠤ ᠨᠢᠰᠴᠤ᠂ ᠦᠶ ᠲᠦᠮᠡᠨ ᠥᠩᠭᠡᠲᠦ ᠡᠯᠢᠶ᠎ᠡ ᠣᠭᠲᠠᠷᠭᠤᠶ ᠳᠤ ᠳᠡᠪᠬᠡᠷᠦᠨ ᠪᠥᠵᠢᠭᠯᠡᠵᠦ᠂ ᠰᠦᠷᠯᠢᠭ ᠰᠠᠶᠢᠬᠠᠨ ᠪᠣᠯᠪᠠ᠃ ᠡᠭᠦᠨ ᠤ ᠬᠠᠮᠲᠤ ᠪᠢᠴᠢᠬᠠᠨ ᠨᠠᠶᠢᠵᠠ ᠨᠠᠷ ᠴᠠᠭᠠᠰᠤᠨ ᠰᠢᠪᠠᠭᠤ ᠶᠢ ᠦᠩᠭᠡᠯᠡᠬᠦ ᠶᠠᠪᠤᠴᠠ ᠳᠤ ᠣᠷᠣᠯᠴᠠᠵᠤ᠂ ᠲᠠᠪᠤᠨ ᠥᠩᠭᠡ ᠶᠢᠨ ᠪᠤᠳᠤᠭ ᠡᠯᠳᠡᠪ ᠵᠦᠢᠯ ᠤᠨ ᠰᠣᠨᠢᠨ ᠰᠡᠪᠡᠭᠦᠨ ᠪᠣᠳᠣᠯ ᠢᠶᠠᠷ ᠴᠠᠭᠠᠰᠤᠨ ᠰᠢᠪᠠᠭᠤᠨ ᠤ ᠳᠡᠭᠡᠷ᠎ᠡ ᠡᠯ᠎ᠡ ᠵᠦᠢᠯ ᠤᠨ ᠬᠡ ᠤᠭᠠᠯᠵᠠ ᠵᠢᠷᠤᠭᠯᠠᠨ᠂ ᠬᠢᠵᠦ ᠪᠠᠷᠠᠭᠰᠠᠨ ᠤ ᠳᠠᠷᠠᠭ᠎ᠠ ᠰᠠᠯᠬᠢᠨ ᠤ ᠠᠶ᠎ᠠ ᠪᠠᠷ ᠪᠢᠴᠢᠬᠠᠨ ᠴᠠᠭᠠᠰᠤᠨ ᠰᠢᠪᠠᠭᠤ ᠪᠠᠨ ᠣᠭᠲᠠᠷᠭᠤᠶ ᠳᠤ ᠨᠢᠰᠬᠡᠪᠡ᠃      ᠲᠣᠰ ᠤᠳᠠᠭᠠᠨ ᠤ ᠴᠠᠭᠠᠰᠤᠨ ᠰᠢᠪᠠᠭᠤ ᠨᠢᠰᠬᠡᠬᠦ ᠠᠵᠢᠯᠯᠠᠭ᠎ᠠ ᠨᠢ ᠬᠡᠤᠬᠡᠳ ᠤᠨ ᠴᠠᠭᠠᠰᠤᠨ ᠰᠢᠪᠠᠭᠤᠨ ᠤ ᠰᠣᠶᠣᠯ ᠤᠨ ᠲᠤᠬᠠᠶ ᠣᠶᠢᠯᠠᠭᠠᠯᠲᠠ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠪᠠᠰᠠ ᠬᠡᠤᠬᠡᠳ ᠤᠨ ᠭᠠᠷ ᠬᠥᠳᠡᠯᠬᠦ ᠴᠢᠳᠠᠪᠤᠷᠢ ᠶᠢ ᠪᠣᠯᠪᠠᠰᠤᠷᠠᠭᠤᠯᠵᠤ᠂ ᠬᠡᠤᠬᠡᠳ ᠤᠨ ᠡᠬᠡ ᠪᠠᠶᠢᠭᠠᠯᠢ ᠶᠢᠨ ᠡᠪᠦᠷ ᠲᠤ ᠣᠶᠤᠨ ᠰᠠᠨᠠᠭ᠎ᠠ ᠶᠢ ᠨᠢ ᠬᠥᠭᠵᠢᠭᠡᠵᠦ᠂ ᠠᠮᠢᠳᠤᠷᠠᠯ ᠤᠨ ᠰᠠᠶᠢᠨ ᠰᠠᠶᠢᠬᠠᠨ ᠢ ᠮᠡᠳᠡᠷᠡᠭᠦᠯᠦᠭᠰᠡᠨ ᠪᠠᠶᠢᠨ᠎ᠠ᠃         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ        
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号