ᠢᠦᠶ ᠴᠢᠤᠸᠠᠨ ᠲᠣᠭᠤᠷᠢᠭ᠄ ᠬᠤᠶᠠᠷ ᠢ ᠬᠦᠷᠢᠶᠡᠯᠡᠬᠦ ᠬᠠᠶᠢᠷ᠎ᠠ ᠰᠡᠳᠬᠢᠯᠭᠡ ᠶᠢᠨ ᠬᠠᠯᠠᠭᠤᠨ ᠳᠤᠯᠠᠭᠠᠨ ᠢ ᠬᠦᠷᠭᠡᠵᠦ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠶᠢ ᠴᠡᠷᠢᠭ ᠤᠨ ᠬᠤᠸᠠᠷᠠᠨ ᠳᠤ ᠣᠷᠣᠭᠤᠯᠪᠠ
ᠨᠡᠶᠢᠲᠡᠯᠡᠭᠰᠡᠨ ᠴᠠᠭ᠄
2024/4/24
     ᠲᠦᠷᠦᠭᠦᠬᠡᠨ᠂ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠬᠤᠶᠠᠷ ᠢ ᠬᠦᠷᠢᠶᠡᠯᠡᠬᠦ ᠠᠯᠪᠠᠨ ᠬᠡᠷ᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠨᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠨᠡᠶᠢᠭᠡᠮ ᠤᠨ ᠴᠡᠷᠢᠭ ᠢᠶᠠᠨ ᠬᠦᠷᠢᠶᠡᠯᠡᠬᠦ ᠡᠮᠴᠢᠯᠡᠭᠡᠨ ᠤ ᠠᠵᠤ ᠠᠬᠤᠶᠢᠯᠠᠯ ᠤᠨ ᠪᠠᠶ ᠼᠤᠤ ᠲᠠᠩ ᠤᠨ ᠴᠢᠨ ᠣᠪᠣᠭᠲᠤ ᠶᠢᠨ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ᠶᠢᠨ ᠰᠠᠯᠠᠭ᠎ᠠ᠂ ᠮᠣᠩᠭᠤᠯ ᠡᠮᠨᠡᠯᠭᠡ ᠶᠢᠨ ᠰᠠᠯᠠᠭ᠎ᠠ ᠵᠡᠷᠭᠡ ᠲᠤᠰᠬᠠᠶ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠵᠤ᠂ ᠲᠣᠭᠤᠷᠢᠭ ᠲᠤ ᠰᠠᠭᠤᠭ᠎ᠠ ᠵᠡᠪᠰᠡᠭᠲᠦ ᠴᠠᠭᠳᠠᠭ᠎ᠠ ᠶᠢᠨ ᠨᠢᠭᠡᠨ ᠴᠡᠷᠢᠭ ᠠᠩᠭᠢ ᠳᠤ ᠬᠦᠷᠴᠦ᠂ ︽ᠬᠢᠯᠢ ᠬᠢᠵᠠᠭᠠᠷ ᠤᠨ ᠳᠠᠯᠠᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢᠳ ᠲᠠᠢ ᠰᠡᠳᠬᠢᠯ ᠵᠢᠷᠦᠬᠡ ᠪᠠᠨ ᠬᠤᠯᠪᠣᠬᠤ︾ ᠠᠯᠪᠠᠨ ᠵᠢᠷᠤᠮ ᠤᠨ ᠡᠮᠴᠢᠯᠡᠭᠡ ᠶᠢ ᠴᠡᠷᠢᠭ ᠤᠨ ᠬᠤᠸᠠᠷᠠᠨ ᠳᠤ ᠤᠷᠤᠭᠤᠯᠬᠤ ᠠᠵᠢᠯᠯᠠᠭ᠎ᠠ ᠶᠢ ᠥᠷᠨᠢᠭᠦᠯᠵᠦ᠂ ᠲᠤᠬᠠᠢ ᠶᠢᠨ ᠲᠠᠯᠠᠪᠠᠢ ᠳᠤ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠲᠤ ᠰᠤᠳᠠᠯ ᠪᠠᠷᠢᠬᠤ᠂ ᠵᠡᠭᠦᠦ ᠲᠥᠭᠡᠨᠡᠯᠭᠡ᠂ ᠰᠣᠷᠣᠭᠤᠯ ᠲᠠᠯᠪᠢᠬᠤ ᠵᠡᠷᠭᠡ ᠬᠢᠲᠠᠳ ᠮᠣᠩᠭᠤᠯ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠡᠳᠦᠷ ᠲᠤᠳᠤᠮ ᠤᠨ ᠪᠣᠯᠪᠠᠰᠤᠷᠠᠯ ᠤᠨ ᠦᠶ᠎ᠡ ᠳᠤ ᠠᠮᠠᠷᠬᠠᠨ ᠭᠠᠷᠳᠠᠭ ᠪᠣᠯᠪᠠᠰᠤᠷᠠᠯ ᠤᠨ ᠰᠢᠷᠬ᠎ᠠ ᠶᠢ ᠬᠡᠷᠬᠢᠨ ᠵᠥᠪ ᠣᠨᠣᠪᠴᠢᠲᠠᠢ ᠰᠡᠷᠭᠡᠶᠢᠯᠡᠨ ᠬᠠᠮᠠᠭᠠᠯᠠᠵᠤ ᠰᠢᠢᠳᠪᠦᠷᠢᠯᠡᠬᠦ ᠲᠤᠬᠠᠢ ᠨᠠᠷᠢᠨ ᠲᠠᠶᠢᠯᠪᠤᠷᠢᠯᠠᠬᠤ ᠶᠢᠨ ᠬᠠᠮᠲᠤ ᠳᠠᠷᠤᠭ᠎ᠠ ᠪᠠᠶᠢᠯᠳᠤᠭᠴᠢᠳ ᠲᠤ ᠡᠮᠨᠡᠯᠭᠡ ᠶᠢᠨ ᠬᠤᠷᠢᠶᠠᠨ ᠤ ᠥᠪᠡᠷᠲᠡᠭᠡᠨ ᠦᠢᠯᠡᠳᠦᠭᠰᠡᠨ ᠰᠢᠷᠬᠠᠲᠤᠬᠤ ᠳᠤ ᠬᠡᠷᠡᠭᠯᠡᠬᠦ ᠡᠮ ᠤᠨ ᠵᠦᠢᠯᠡᠰ ᠢ ᠦᠨ᠎ᠡ ᠲᠥᠯᠥᠪᠦᠷᠢ ᠦᠭᠡᠢ ᠪᠠᠷ ᠬᠦᠷᠭᠡᠪᠡ᠃ ᠵᠢᠷᠤᠭ ᠪᠣᠯ ᠡᠮᠴᠢ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ ᠲᠤ ᠮᠣᠩᠭᠤᠯ ᠡᠮᠨᠡᠯᠭᠡ ᠶᠢᠨ ᠰᠣᠷᠣᠭᠤᠯ ᠲᠠᠯᠪᠢᠬᠤ ᠡᠮᠴᠢᠯᠡᠭᠡ ᠬᠢᠵᠦ ᠪᠠᠶᠢᠭ᠎ᠠ ᠨᠢ᠃ ︵ᠳ᠋ᠢᠩ ᠭᠧᠨ ᠾᠧᠦ ᠰᠡᠭᠦᠳᠡᠷᠯᠡᠪᠡ︶
          ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号