2024 ᠣᠨ ᠤ ᠢᠦᠢ ᠴᠢᠤᠸᠠᠨ ᠲᠣᠭᠤᠷᠢᠭ ᠤᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠥᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠢ ᠡᠷᠭᠢᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/4/24
ᠡᠯ᠎ᠡ ᠬᠠᠮᠢᠶ᠎ᠠ ᠪᠥᠬᠦᠶ ᠨᠢᠭᠡᠴᠢ᠄      ᠡᠳᠦᠭᠡ 2023 ᠣᠨ ᠤ 4 ᠳ᠋ᠤᠭᠡᠷ ᠰᠠᠷ᠎ᠠ ᠶᠢᠨ 23 ᠤ ᠡᠳᠦᠷ ︵ᠭᠠᠷᠠᠭ ᠤᠨ ᠬᠤᠶᠠᠷ︶ ᠤᠨ ᠦᠳᠡ ᠶᠢᠨ ᠡᠮᠦᠨ᠎ᠡ ᠶᠢᠨ 10᠄ 00 ᠴᠠᠭ ᠲᠤ ᠶᠦᠩ ᠱᠧᠩ ᠵᠣᠭᠤᠰ ᠤᠨ ᠮᠦᠽᠧᠶ ᠳᠤ ᠢᠦᠢ ᠴᠢᠤᠸᠠᠨ ᠲᠣᠭᠤᠷᠢᠭ ᠤᠨ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠥᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠶᠠᠪᠤᠭᠤᠯᠬᠤ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠣᠷᠣᠯᠴᠠᠭᠰᠠᠳ      1. ᠲᠤᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠲᠤᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠲᠤᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠲᠤᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ᠂ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠶᠡᠭᠡ ᠡᠮᠦᠨ᠎ᠡ ᠵᠡᠭᠡᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ︔      2. ︽ᠨᠠᠢᠮᠠ ᠶᠢ ᠣᠷᠣᠭᠤᠯᠬᠤ︾ ᠶᠢ ᠲᠦᠷᠦᠭᠦᠯᠡᠨ ᠬᠢᠬᠦ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠄ ᠲᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠠᠵᠢᠯᠯᠠᠬᠤ ᠵᠥᠪᠯᠡᠯ᠂ ᠲᠤᠭᠤᠷᠢᠭ ᠤᠨ ᠨᠠᠮ ᠤᠨ ᠬᠤᠷᠢᠶᠠᠨ ᠤ ᠲᠣᠣᠷ ᠰᠦᠯᠵᠢᠶ᠎ᠡ ᠪᠠ ᠮᠡᠳᠡᠭᠡ ᠵᠠᠩᠭᠢ ᠶᠢᠨ ᠠᠯᠪᠠᠨ ᠭᠡᠷ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠤᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠤᠭᠤᠷᠢᠭ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠬᠤᠯᠪᠣᠭ᠎ᠠ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠵᠠᠯᠠᠭᠤᠴᠤᠳ ᠤᠨ ᠡᠪᠯᠡᠯ ᠤᠨ ᠲᠣᠭᠤᠷᠢᠭ ᠤᠨ ᠬᠤᠷᠢᠶ᠎ᠠ᠂ ᠲᠤᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠤᠭᠤᠷᠢᠭ ᠤᠨ ᠱᠠᠰᠢᠨ ᠰᠤᠷᠲᠠᠬᠤᠨ ᠤ ᠲᠣᠪᠴᠢᠶ᠎ᠠ᠂ ᠲᠤᠭᠤᠷᠢᠭ ᠤᠨ ᠨᠡᠶᠢᠯᠡᠯ ᠵᠠᠭᠤᠴᠢᠯᠠᠭᠤᠷ ᠤᠨ ᠲᠥᠪ᠂ ᠪᠠᠭ᠎ᠠ ᠲᠦᠷᠭᠡᠨ ᠭᠤᠤᠯ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠭᠦᠯᠡᠨ ᠳᠤᠮᠳᠠ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ︔      3. ᠡᠯ᠎ᠡ ᠭᠠᠴᠠᠭ᠎ᠠ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠠᠵᠢᠯ ᠤᠨ ᠬᠤᠯᠪᠣᠭᠠᠴᠢᠨ ︵ᠬᠠᠷᠢᠶ᠎ᠠ ᠪᠠᠯᠭᠠᠰᠤᠨ ᠤ ᠠᠯᠪᠠᠨ ᠭᠡᠷ ᠠᠴᠠ ᠮᠡᠳᠡᠭᠳᠡᠨ᠎ᠡ︶      ᠬᠤᠶᠠᠷ᠂ ᠬᠤᠯᠪᠣᠭᠳᠠᠯ ᠪᠦᠬᠦᠢ ᠱᠠᠭᠠᠷᠳᠠᠯᠭ᠎ᠠ      1. ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠶᠡᠭᠡ ᠡᠮᠦᠨ᠎ᠡ ᠵᠡᠭᠡᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠬᠠᠭᠤᠯᠬᠤ ᠠᠵᠢᠯᠲᠠᠨ ︵ᠨᠠᠭᠠᠳᠤ ᠵᠠᠬ᠎ᠠ ᠳᠠᠭᠠᠨ 2 ᠬᠥᠮᠦᠨ︶ ᠢ ᠵᠣᠬᠢᠶᠠᠨ ᠪᠠᠶᠢᠭᠤᠯᠤᠨ ᠤᠬᠠᠭᠤᠯᠬᠤ ᠮᠠᠲ᠋ᠧᠷᠢᠶᠠᠯ ᠢᠶᠠᠨ ᠠᠪᠴᠤ ᠲᠤᠬᠠᠶ ᠶᠢᠨ ᠲᠠᠯᠠᠪᠤᠷ ᠲᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ︔ ᠪᠤᠰᠤᠳ ᠨᠢᠭᠡᠴᠢ ᠨᠦᠭᠦᠳ ᠤᠬᠠᠭᠤᠯᠭ᠎ᠠ ᠶᠢᠨ ᠱᠠᠭᠠᠷᠳᠠᠯᠭ᠎ᠠ ᠲᠠᠢ ᠪᠣᠯ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠲᠠᠢ ᠬᠠᠷᠢᠯᠴᠠᠵᠤ᠂ ᠤᠬᠠᠭᠤᠯᠭ᠎ᠠ ᠶᠢᠨ ᠦᠵᠡᠭᠦᠯᠦᠯᠭᠡ ᠶᠢᠨ ᠲᠠᠪᠴᠠᠩ ᠢ ᠤᠷᠢᠳᠴᠢᠯᠠᠨ ᠦᠯᠡᠳᠡᠭᠡᠨ᠎ᠡ︔      2. ᠶᠣᠰᠣᠯᠠᠯ ᠳᠤ ᠣᠷᠣᠯᠴᠠᠭᠰᠠᠨ ᠪᠥᠬᠦ ᠬᠥᠮᠦᠰ 20 ᠮᠢᠨᠦ᠋ᠲ ᠤᠨ ᠡᠮᠦᠨ᠎ᠡ ᠭᠠᠵᠠᠷ ᠲᠠᠭᠠᠨ ᠬᠦᠷᠴᠦ ᠤᠴᠢᠭᠠᠷᠠᠢ᠃      ᠬᠠᠷᠢᠯᠴᠠᠬᠤ ᠬᠥᠮᠦᠨ᠄ ᠪᠤᠶᠠᠨ   0471 — 3916586              ᠢᠦᠢ ᠴᠢᠤᠸᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ                        2024 ᠣᠨ ᠤ 4 ᠳ᠋ᠤᠭᠡᠷ ᠰᠠᠷ᠎ᠠ ᠶᠢᠨ 22 ᠤᠨ ᠡᠳᠦᠷ         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号