ᠢᠦᠶ ᠴᠢᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠦᠨᠡᠨᠴᠢ ᠢᠲᠡᠭᠡᠮᠵᠢ ᠶᠢᠨ ᠪᠠᠲᠤᠯᠠᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠳᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2024/4/24
     ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯ ᠣᠯᠠᠨ ᠨᠡᠶᠢᠲᠡ ᠶᠢᠨ ᠬᠠᠤᠯᠢ ᠴᠠᠭᠠᠵᠠ ᠶᠢᠨ  ᠦᠢᠯᠡᠴᠢᠯᠡᠭᠡᠨ ᠤ ᠠᠵᠢᠯ ᠲᠥᠷᠥᠯ ᠤᠨ ᠢᠲᠡᠭᠡᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠠ ᠪᠦᠲᠦᠮᠵᠢᠲᠡᠶ ᠠᠴᠢᠶᠠᠯᠠᠭᠴᠢ ᠮᠥᠨ᠃ ᠮᠠᠨ ᠤ ᠲᠤᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠲᠥᠷᠥᠯ ᠤᠨ ᠦᠨᠡᠨᠴᠢ ᠢᠲᠡᠭᠡᠮᠵᠢᠲᠡᠶ ᠪᠠᠷ ᠠᠵᠢᠯ ᠡᠷᠭᠢᠯᠡᠬᠦ᠂ ᠦᠢᠯᠡᠴᠢᠯᠡᠭᠡᠨ ᠤ ᠠᠵᠢᠯᠯᠠᠭᠠᠨ ᠤ ᠲᠣᠭᠲᠠᠴᠠ ᠶᠢ ᠵᠢᠷᠤᠮᠵᠢᠭᠤᠯᠬᠤ ᠶᠢ ᠠᠬᠢᠭᠤᠯᠬᠤ ᠶᠢᠨ ᠲᠤᠰᠠᠳᠠ᠂ ᠢᠦᠶ ᠴᠢᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠨᠢ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠵᠢᠷᠭᠤᠭᠠᠨ ᠵᠦᠢᠯ︾ ᠤᠨ ᠦᠨᠡᠨᠴᠢ ᠢᠲᠡᠭᠡᠮᠵᠢ ᠶᠢᠨ ᠪᠠᠲᠤᠯᠠᠭ᠎ᠠ ᠶᠢᠨ ᠲᠦᠷᠢᠮ ᠢ ᠪᠠᠶᠢᠭᠤᠯᠤᠨ ᠪᠦᠷᠢᠨᠰᠢᠭᠦᠯᠬᠦ ᠪᠠᠷ ᠭᠠᠷᠳᠠᠴᠠ ᠪᠣᠯᠭᠠᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠦᠯᠬᠢᠨ ᠠᠬᠢᠭᠤᠯᠪᠠ᠃      ᠨᠢᠭᠡ ᠳᠤ ᠠᠵᠢᠯ ᠡᠷᠭᠢᠯᠡᠬᠦ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠮᠵᠢ ᠵᠢᠴᠢ ᠠᠵᠢᠯᠳᠠᠨ ᠤ ᠬᠤᠯᠪᠣᠭᠳᠠᠯ ᠪᠦᠬᠦᠢ ᠢᠲᠡᠭᠡᠮᠵᠢ ᠶᠢᠨ ᠮᠡᠳᠡᠭᠡ ᠵᠠᠩᠭᠢ ᠶᠢ ᠬᠠᠤᠯᠢ ᠲᠣᠭᠲᠠᠭᠠᠯ ᠶᠣᠰᠣᠭᠠᠷ 55 ᠵᠤᠷᠪᠤᠰ ᠡᠮᠬᠢᠳᠬᠡᠨ ᠴᠤᠭᠯᠠᠭᠤᠯᠬᠤ ᠪᠠ ᠢᠯᠡ ᠪᠣᠯᠭᠠᠵᠤ᠂ ᠲᠤᠬᠠᠶ ᠶᠢᠨ ᠬᠥᠮᠦᠨ ᠤ ᠪᠠᠶᠢᠴᠠᠭᠠᠨ ᠯᠠᠪᠯᠠᠬᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ᠂ ᠠᠵᠢᠯ ᠤᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠬᠦ ᠳᠤ ᠲᠦᠬᠦᠮ ᠪᠣᠯᠭᠠᠪᠠ᠃      ᠬᠤᠶᠠᠷ ᠲᠤ ︽ᠤᠷᠢᠳᠠᠪᠠᠷ ᠠᠰᠠᠭᠤᠬᠤ ᠬᠠᠷᠢᠭᠤᠴᠠᠯᠭ᠎ᠠ ᠶᠢᠨ ᠲᠦᠷᠢᠮ᠂ ᠦᠢᠯᠡᠴᠢᠯᠡᠭᠡᠨ ᠤ ᠠᠮᠠᠯᠠᠯᠲᠠ ᠶᠢᠨ ᠲᠦᠷᠢᠮ᠂ ᠴᠠᠭ ᠬᠢᠵᠠᠭᠠᠷᠯᠠᠨ ᠰᠢᠢᠳᠪᠦᠷᠢᠯᠡᠵᠦ ᠳᠠᠭᠤᠰᠬᠠᠬᠤ ᠲᠦᠷᠢᠮ᠂ ᠮᠥᠷᠳᠡᠨ ᠠᠰᠠᠭᠤᠬᠤ ᠦᠷ᠎ᠡ ᠪᠦᠲᠦᠮᠵᠢ ᠶᠢᠨ ᠲᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠬᠠᠷᠢᠶᠠᠲᠤ ᠣᠷᠣᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠴᠤᠩᠬᠤᠪᠴᠢ᠂ ᠥᠷᠲᠡᠭᠡ ᠴᠡᠭ ᠲᠤ ᠴᠢᠨᠠᠷ ᠰᠠᠶᠢᠲᠠᠶ ᠦᠢᠯᠡᠴᠢᠯᠡᠭᠡᠨ ᠤ ᠦᠵᠡᠯ ᠤᠬᠠᠮᠰᠠᠷ᠂ ᠳᠦᠷᠢ ᠲᠥᠷᠬᠦ᠂ ᠶᠠᠰᠤ ᠴᠢᠨᠠᠷ ᠦᠷ᠎ᠡ ᠪᠦᠲᠦᠮᠵᠢ ᠶᠢ ︽ᠳᠠᠬᠢᠨ ᠳᠡᠭᠡᠭᠰᠢᠯᠡᠭᠦᠯᠬᠦ︾ ᠶᠢ ᠪᠠᠷᠢᠮᠲᠠᠯᠠᠪᠠ᠃ ᠲᠣᠭᠲᠠᠮᠠᠯ ᠬᠤᠭᠤᠴᠠᠭ᠎ᠠ ᠲᠠᠢ ᠪᠠᠷ ᠶᠠᠰᠤ ᠴᠢᠨᠠᠷ ᠤᠨ ᠪᠠᠶᠢᠴᠠᠭᠠᠯᠲᠠ ᠬᠢᠬᠦ᠂ ᠲᠤᠰᠬᠠᠶ ᠵᠦᠢᠯ ᠢᠶᠠᠷ ᠰᠢᠮᠳᠠᠭᠤᠯᠤᠨ ᠪᠠᠶᠢᠴᠠᠭᠠᠬᠤ᠂ ᠬᠠᠷᠢᠭᠤ ᠰᠤᠷᠪᠤᠯᠵᠢᠯᠠᠬᠤ᠂ ᠰᠤᠯᠠ ᠰᠣᠨᠣᠰᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠵᠢᠯ ᠡᠷᠭᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃      ᠭᠤᠷᠪᠠ ᠳᠤ᠂ ᠱᠠᠳᠤ ᠬᠤᠪᠢᠶᠠᠨ ᠬᠢᠨᠠᠨ ᠬᠠᠮᠢᠶᠠᠷᠬᠤ ᠰᠢᠨ᠎ᠡ ᠵᠠᠭᠪᠤᠷ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ︽ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠢᠲᠡᠭᠡᠮᠵᠢ ᠪᠠᠷ ᠰᠠᠭᠤᠷᠢ ᠪᠣᠯᠭᠠᠭᠰᠠᠨ ᠰᠢᠨ᠎ᠡ ᠮᠠᠶ᠋ᠢᠭ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠢᠲᠡᠭᠡᠮᠵᠢ ᠪᠠᠷ ᠰᠠᠭᠤᠷᠢ ᠪᠣᠯᠭᠠᠭᠰᠠᠨ ᠰᠢᠨ᠎ᠡ ᠮᠠᠶ᠋ᠢᠭ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠢᠳᠡᠪᠬᠢᠲᠡᠶ ᠪᠠᠶᠢᠭᠤᠯᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠮᠵᠢ ᠪᠠ ᠠᠵᠢᠯᠲᠠᠨ ᠳᠤ ᠱᠠᠲᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠡᠭᠦᠨ ᠢᠶᠠᠷ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠲᠥᠷᠥᠯ ᠤᠨ ᠵᠢᠷᠤᠮᠵᠢᠭᠰᠠᠨ ᠦᠨᠡᠨᠴᠢ ᠢᠲᠡᠭᠡᠮᠵᠢᠲᠡᠶ ᠪᠠᠷ ᠦᠢᠯᠡᠴᠢᠯᠡᠬᠦ᠂ ᠡᠷᠡᠭᠦᠯ ᠢᠶᠠᠷ ᠬᠥᠭᠵᠢᠬᠦ ᠶᠢ ᠠᠬᠢᠭᠤᠯᠪᠠ᠃      ᠳᠥᠷᠪᠡ ᠳᠤ ︽ᠤᠯᠠᠭᠠᠨ ᠬᠠᠷ᠎ᠠ ᠲᠠᠩᠰᠠ︾ ᠶᠢ ᠵᠠᠷᠯᠠᠨ ᠮᠡᠳᠡᠭᠳᠡᠬᠦ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ︽ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ  ﹇2016﹈ 33 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ︽ᠤᠯᠠᠭᠠᠨ ᠬᠠᠷ᠎ᠠ ᠲᠠᠩᠰᠠ︾ ᠶᠢ ᠵᠠᠷᠯᠠᠨ ᠮᠡᠳᠡᠭᠳᠡᠬᠦ ᠲᠦᠷᠢᠮ ᠢ ᠬᠡᠷᠡᠭᠵᠢᠭᠦᠯᠵᠦ᠂ ᠭᠦᠢᠴᠡᠳᠭᠡᠬᠦ ᠲᠤᠭ᠎ᠠ ᠶᠢ ᠳᠡᠯᠭᠡᠨ ᠦᠵᠡᠭᠦᠯᠵᠦ᠂ ︽ᠢᠲᠡᠭᠡᠮᠵᠢ ᠲᠠᠢ ᠪᠠᠶᠢᠪᠠᠯ ᠠᠰᠢᠭ ᠤᠯᠬᠤ᠂ ᠢᠲᠡᠭᠡᠯ ᠠᠯᠳᠠᠪᠠᠯ ᠬᠢᠵᠠᠭᠠᠷᠯᠠᠭᠳᠠᠬᠤ︾ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠪᠠ᠃      ᠲᠠᠪᠤ ᠳᠤ ᠨᠢᠭᠤᠴᠠ ᠶᠢ ᠬᠠᠮᠠᠭᠠᠯᠠᠬᠤ᠂ ᠵᠠᠶᠢᠯᠠᠭᠤᠯᠬᠤ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠠᠵᠢᠯ ᠡᠷᠬᠢᠯᠡᠵᠦ ᠪᠠᠶᠢᠭ᠎ᠠ ᠬᠥᠮᠦᠰ ᠤᠯᠤᠰ ᠤᠨ ᠨᠢᠭᠤᠴᠠ᠂ ᠲᠤᠬᠠᠶ ᠶᠢᠨ ᠬᠥᠮᠦᠨ ᠤ ᠬᠤᠳᠠᠯᠳᠤᠭᠠᠨ ᠤ ᠨᠢᠭᠤᠴᠠ ᠪᠠ ᠬᠤᠪᠢ ᠬᠥᠮᠦᠨ ᠤ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠶ︔ ᠵᠠᠶᠢᠯᠠᠭᠤᠯᠬᠤ ᠲᠤᠬᠠᠶ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠵᠢᠭᠦᠯᠵᠦ᠂ ᠲᠤᠰ ᠭᠠᠵᠠᠷ ᠤᠨ ᠠᠵᠢᠯ ᠡᠷᠬᠢᠯᠡᠵᠦ ᠪᠠᠶᠢᠭ᠎ᠠ ᠬᠥᠮᠦᠰ ᠤᠨ ᠠᠳᠠᠯᠢ ᠨᠢᠭᠡᠨ ᠬᠡᠷᠡᠭ ᠤᠨ ᠬᠤᠶᠠᠷ ᠲᠠᠯ᠎ᠠ ᠶᠢᠨ ᠲᠤᠬᠠᠶ ᠶᠢᠨ ᠬᠥᠮᠦᠨ ᠵᠢᠴᠢ ᠲᠤᠬᠠᠶ ᠶᠢᠨ ᠬᠥᠮᠦᠨ ᠲᠠᠢ ᠰᠢᠭᠤᠳ ᠪᠤᠶᠤ ᠳᠠᠮ ᠠᠰᠢᠭ ᠲᠤᠰᠠ ᠶᠢᠨ ᠮᠥᠷᠭᠦᠯᠳᠦᠭᠡᠨ ᠲᠠᠢ ᠪᠤᠰᠤᠳ ᠬᠡᠷᠡᠭ ᠢ ᠬᠠᠮᠲᠤ ᠳᠤᠨᠢ ᠣᠷᠣᠯᠠᠬᠤ ᠶᠢ ᠴᠠᠭᠠᠵᠠᠯᠠᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠵᠦᠢᠯᠡᠰ ᠤᠨ ᠪᠤᠰᠤᠳᠴᠢ ᠪᠥᠭᠡᠳ ᠲᠥᠪ ᠭᠤᠣᠯᠴᠢ ᠪᠠᠶᠢᠬᠤ ᠶᠢ ᠦᠨᠡᠨ ᠬᠦ ᠪᠠᠲᠤᠯᠬᠠᠤ ᠬᠡᠷᠡᠭᠲᠡᠢ᠃      ᠵᠢᠷᠭᠤᠭ᠎ᠠ ᠳᠤ ᠬᠠᠤᠯᠢ ᠴᠠᠭᠠᠵᠠ ᠶᠢᠨ ᠦᠢᠯᠡᠴᠢᠯᠡᠭᠡ ᠶᠢᠨ ᠵᠠᠭᠠᠯᠳᠤᠯᠭ᠎ᠠ ᠶᠢ ᠪᠠᠶᠢᠴᠠᠭᠠᠨ ᠰᠢᠢᠳᠪᠦᠷᠢᠯᠡᠬᠦ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠬᠤᠯᠪᠣᠭᠳᠠᠯ ᠪᠦᠬᠦᠢ ᠳᠦᠷᠢᠮ ᠢ ᠪᠦᠷᠢᠨᠰᠢᠭᠦᠯᠦᠨ᠂ ᠠᠵᠢᠯ ᠤᠨ ᠶᠠᠪᠤᠴᠠ ᠶᠢ ᠵᠢᠷᠤᠮᠵᠢᠭᠤᠯᠵᠤ᠂ ᠵᠠᠭᠠᠯᠳᠤᠪᠠᠯ ᠵᠠᠪᠠᠯ ᠪᠠᠶᠢᠴᠠᠭᠠᠬᠤ᠂ ᠵᠠᠭᠠᠯᠳᠤᠪᠠᠯ ᠵᠠᠪᠠᠯ ᠬᠠᠷᠢᠭᠤᠯᠬᠤ᠂ ᠲᠣᠭᠲᠠᠭᠠᠯ ᠠᠴᠠ ᠵᠥᠷᠢᠴᠡᠪᠡᠯ ᠵᠠᠪᠠᠯ ᠨᠡᠬᠡᠮᠵᠢᠯᠡᠬᠦ ᠶᠢ ᠴᠢᠷᠮᠠᠶᠢᠨ ᠪᠡᠶᠡᠯᠡᠭᠦᠯᠦᠨ᠎ᠡ᠃     ᠬᠥᠬᠡᠬᠤᠲᠠ ᠶᠢᠨ ᠢᠦᠢ ᠴᠢᠤᠸᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ                  2024 ᠣᠨ ᠤ 4 ᠳ᠋ᠤᠭᠡᠷ ᠰᠠᠷ᠎ᠠ ᠶᠢᠨ 22 ᠤᠨ ᠡᠳᠦᠷ          ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号