ᠪᠠᠭ᠎ᠠ ᠲᠦᠷᠭᠡᠨ ᠭᠤᠤᠯ ᠪᠠᠯᠭᠠᠰᠤᠨ ᠤ ᠠᠵᠢᠯᠴᠢᠨ ᠤ ᠡᠪᠯᠡᠯ 4 · 23 ᠤ ᠳᠡᠯᠡᠬᠡᠶ ᠶᠢᠨ ᠨᠣᠮ ᠤᠩᠰᠢᠬᠤ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/25
     2024 ᠣᠨ ᠤ 4 ᠳ᠋ᠤᠭᠡᠷ ᠰᠠᠷ᠎ᠠ ᠶᠢᠨ 23 ᠤ ᠡᠳᠦᠷ᠂ 29 ᠳ᠋ᠤᠭᠡᠷ ᠳᠡᠯᠡᠬᠡᠶ ᠶᠢᠨ ᠨᠣᠮ ᠤᠩᠰᠢᠬᠤ ᠡᠳᠦᠷ ᠪᠣᠯᠬᠤ ᠲᠠᠰᠢᠷᠠᠮ ᠳᠤ᠂ ᠪᠠᠭ᠎ᠠ ᠲᠦᠷᠭᠡᠨ ᠭᠤᠤᠯ ᠪᠠᠯᠭᠠᠰᠤᠨ ᠤ ᠠᠵᠢᠯᠴᠢᠨ ᠤ ᠡᠪᠯᠡᠯ ︽ᠰᠣᠩᠭᠤᠳᠠᠭ ᠨᠣᠮ ᠤᠩᠰᠢᠵᠤ ᠨᠣᠮ ᠤᠨ ᠦᠨᠦᠷ ᠠᠮᠲᠠ ᠶᠢ ᠳᠠᠮᠵᠢᠭᠤᠯᠬᠤ︾ ᠭᠤᠤᠯ ᠰᠡᠳᠦᠪᠲᠦ ᠠᠵᠢᠯᠲᠠᠨ ᠠᠵᠢᠯᠴᠢᠨ ᠤ ᠨᠣᠮ ᠤᠩᠰᠢᠬᠤ ᠠᠵᠢᠯᠯᠠᠭ᠎ᠠ ᠶᠢ ᠵᠤᠬᠢᠶᠠᠨ ᠪᠠᠶᠢᠭᠤᠯᠵᠤ ᠥᠷᠨᠢᠭᠦᠯᠪᠡ᠃ ᠡᠨᠡ ᠤᠳᠠᠭᠠᠨ ᠤ ᠠᠵᠢᠯᠯᠠᠭ᠎ᠠ ᠳᠤ ᠨᠡᠶᠢᠲᠡ ᠵᠠᠭᠤ ᠰᠢᠬᠠᠮ ᠺᠠᠳ᠋ᠷ ᠠᠵᠢᠯᠲᠠᠨ ᠤᠷᠤᠯᠴᠠᠵᠤ᠂ ᠠᠵᠢᠯᠯᠠᠭ᠎ᠠ ᠪᠠᠷ ᠳᠠᠮᠵᠢᠭᠤᠯᠤᠨ ᠺᠠᠳ᠋ᠷ ᠠᠵᠢᠯᠳᠠᠨ ᠤ ᠨᠣᠮ ᠤᠩᠰᠢᠬᠤ ᠤᠷᠮ᠎ᠠ ᠵᠣᠷᠢᠭ ᠢ ᠮᠠᠰᠢ ᠰᠠᠶᠢᠨ ᠬᠥᠭᠵᠢᠭᠡᠵᠦ᠂ ᠪᠦᠬᠦ ᠠᠷᠠᠳ ᠢᠶᠠᠷ ᠢᠶᠠᠨ ᠨᠣᠮ ᠤᠩᠰᠢᠬᠤ᠂ ᠨᠣᠮ ᠤᠨ ᠰᠤᠷᠪᠤᠯᠵᠢᠲᠤ ᠨᠡᠶᠢᠭᠡᠮ ᠤᠨ ᠪᠠᠶᠢᠭᠤᠯᠤᠯᠲᠠ ᠶᠢ ᠪᠦᠲᠦᠮᠵᠢᠲᠡᠶ ᠪᠠᠷ ᠲᠦᠯᠬᠢᠨ ᠠᠬᠢᠭᠤᠯᠤᠭᠰᠠᠨ ᠪᠠᠶᠢᠨ᠎ᠠ᠃
     ᠲᠤᠰ ᠠᠵᠢᠯᠯᠠᠭ᠎ᠠ ᠳᠤ ᠶᠠᠭᠤᠨ ᠤ ᠡᠮᠦᠨ᠎ᠡ ᠤᠯᠤᠰ ᠤᠨ ᠬᠤᠶᠠᠳᠤᠭᠠᠷ ᠳᠡᠰ ᠤᠨ ᠰᠡᠳᠬᠢᠴᠡ ᠶᠢᠨ ᠵᠥᠪᠯᠡᠯᠭᠡ ᠥᠭᠭᠦᠭᠴᠢ ᠨᠠᠷᠠᠰᠤ ᠪᠠᠭᠰᠢ ᠶᠢ ᠤᠷᠢᠵᠤ ᠰᠣᠩᠭᠤᠳᠠᠭ ᠨᠣᠮ ᠢ ᠣᠯᠠᠨ ᠳᠤ ᠬᠤᠪᠢᠶᠠᠨ ᠲᠠᠶᠢᠯᠪᠤᠷᠢᠯᠠᠵᠤ᠂ ᠠᠵᠢᠯᠲᠠᠳ ᠪᠠᠶᠠᠷ ᠬᠥᠷ ᠲᠠᠢ ᠠᠷᠤ ᠦᠵᠡᠭᠳᠡᠯ ᠤᠨ ᠳᠠᠭᠤᠤ ᠬᠥᠭᠵᠢᠮ ᠤᠨ ᠳᠤᠮᠳᠠ ᠨᠠᠷᠢᠨ ᠬᠢᠨᠠᠮᠠᠭᠠᠶ ᠰᠣᠨᠣᠰᠴᠤ᠂ ᠪᠢᠴᠢᠭ ᠤᠨ ᠦᠨᠦᠷ ᠬᠠᠩᠬᠤᠯᠤᠭᠰᠠᠨ ᠠᠭᠤᠷ ᠠᠮᠢᠰᠬᠤᠯ ᠳᠤ ᠰᠣᠭᠲᠣᠭᠤᠷᠠᠵᠤ ᠪᠠᠶᠢᠯ᠎ᠠ ᠁
     ᠠᠵᠢᠯᠯᠠᠭ᠎ᠠ ᠪᠠᠷ ᠲᠠᠮᠵᠢᠨ᠂ ᠪᠠᠶᠠᠷ ᠪᠠᠶᠠᠰᠬᠤᠯᠠᠩ ᠲᠠᠢ ᠨᠣᠮ ᠤᠨ ᠦᠨᠦᠷ ᠬᠠᠩᠬᠤᠯᠤᠭᠰᠠᠨ ᠠᠭᠤᠷ ᠠᠮᠢᠰᠬᠤᠯ ᠤᠨ ᠳᠤᠮᠳᠠ᠂ ᠺᠠᠳ᠋ᠷ ᠠᠵᠢᠯᠳᠠᠨ ᠠᠵᠢᠯᠴᠢᠨ ᠨᠢᠭᠡ ᠲᠠᠯ᠎ᠠ ᠪᠠᠷ ᠠᠵᠢᠯ ᠠᠮᠢᠳᠤᠷᠠᠯ ᠤᠨ ᠳᠠᠷᠤᠭᠠᠰᠤ ᠪᠠᠨ ᠬᠥᠩᠭᠡᠷᠡᠭᠦᠯᠬᠦ ᠶᠢᠨ ᠬᠠᠮᠲᠤ ᠨᠣᠮ ᠤᠩᠰᠢᠬᠤ ᠶᠢᠨ ᠪᠠᠶᠠᠷ ᠪᠠᠭ᠋ᠠᠳᠤᠯ ᠢ ᠣᠶᠢᠯᠠᠭᠠᠵᠤ᠂ ᠲᠦᠷᠦᠭᠦᠯᠡᠨ ᠨᠣᠮ ᠣᠩᠰᠢᠨ ᠰᠤᠷᠤᠯᠴᠠᠵᠤ᠂ ᠪᠡᠶ᠎ᠡ ᠪᠠᠨ ᠵᠠᠰᠠᠵᠤ ᠵᠣᠷᠢᠭ ᠢᠶᠠᠨ ᠪᠠᠲᠤᠳᠬᠠᠨ᠂ ᠡᠷᠳᠡᠮ ᠴᠢᠳᠠᠪᠤᠷᠢ ᠪᠠᠨ ᠨᠡᠮᠡᠭᠳᠡᠭᠦᠯᠵᠦ᠂ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠬᠦ ᠤᠶᠤᠨ ᠰᠠᠨᠠᠭᠠᠨ ᠤ ᠬᠦᠴᠦᠨ ᠴᠢᠳᠠᠯ ᠢᠶᠠᠨ ᠲᠠᠰᠤᠷᠠᠯᠳᠠ ᠦᠭᠡᠢ ᠪᠠᠳᠠᠷᠠᠭᠤᠯᠤᠨ᠎ᠠ ᠭᠡᠵᠦ ᠢᠯᠡᠳᠬᠡᠵᠡᠭᠡᠪᠡ᠃      ᠳᠠᠷᠠᠭᠠᠴᠢ ᠶᠢᠨ ᠠᠯᠬᠤᠮ ᠳᠤ᠂ ᠪᠠᠭ᠎ᠠ ᠲᠦᠷᠭᠡᠨ ᠭᠤᠤᠯ ᠪᠠᠯᠭᠠᠰᠤᠨ ᠤ ᠠᠵᠢᠯᠴᠢᠨ ᠤ ᠡᠪᠯᠡᠯ ᠴᠦ ᠦᠨᠳᠦᠰᠦᠨ ᠱᠠᠲᠤᠨ ᠤ ᠠᠵᠢᠯᠴᠢᠨ ᠤ ᠡᠪᠯᠡᠯ ᠤᠨ ᠡᠭᠦᠷᠭᠡ ᠴᠢᠳᠠᠪᠬᠢ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠦᠢᠯᠡᠴᠢᠯᠡᠭᠡᠨ ᠤ ᠠᠷᠭ᠎ᠠ ᠬᠡᠯᠪᠡᠷᠢ ᠪᠠᠨ ᠰᠢᠨᠡᠴᠢᠯᠡᠵᠦ᠂ ᠪᠦᠬᠦ ᠠᠷᠠᠳ ᠢᠶᠠᠷ ᠢᠶᠠᠨ ᠨᠣᠮ ᠤᠩᠰᠢᠬᠤ ᠶᠢ ᠲᠠᠰᠤᠷᠠᠯᠲᠠ ᠦᠭᠡᠢ ᠠᠬᠢᠭᠤᠯᠵᠤ᠂ ᠠᠵᠢᠯᠳᠠᠨ ᠠᠵᠢᠯᠴᠢᠨ ᠲᠦᠮᠡᠨ ᠤ ᠰᠣᠶᠣᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠰᠢᠨ᠎ᠡ ᠠᠶᠠᠨ ᠳᠤ ᠤᠷᠤᠭᠰᠢᠯᠠᠬᠤ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠪᠣᠯᠤᠨ ᠰᠣᠶᠣᠯ ᠤᠨ ᠲᠤᠯᠭᠠᠭᠤᠷᠢᠯᠠᠯ ᠢ ᠨᠢᠭᠲᠠᠷᠠᠭᠤᠯᠬᠤ ᠪᠣᠯᠤᠨ᠎ᠠ᠃            ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号