ᠢᠦᠶ ᠴᠢᠤᠸᠠᠨ ᠲᠣᠭᠤᠷᠢᠭ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠥᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/4/25
     4 ᠳ᠋ᠤᠭᠡᠷ ᠰᠠᠷ᠎ᠠ ᠶᠢᠨ 23 ᠤ ᠡᠳᠦᠷ᠂ ᠢᠦᠶ ᠴᠢᠤᠸᠠᠨ ᠲᠣᠭᠤᠷᠢᠭ ᠤᠨ 2024 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠥᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠢᠦᠶ ᠴᠢᠤᠸᠠᠨ ᠲᠣᠭᠤᠷᠢᠭ ᠤᠨ ᠶᠦᠩ ᠱᠧᠩ ᠵᠣᠭᠤᠰᠣᠨ ᠮᠦᠽᠧᠶ ᠳᠤ ᠶᠠᠪᠤᠭᠳᠠᠵᠤ᠂ ᠲᠣᠰ ᠤᠳᠠᠭᠠᠨ ᠤ ᠠᠵᠢᠯᠯᠠᠭ᠎ᠠ ᠶᠢᠨ ᠭᠤᠤᠯ ᠰᠡᠳᠦᠪ ᠨᠢ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠱᠢᠶ᠎ᠡ ᠦᠵᠡᠭᠦᠯᠬᠦ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ︾ ᠪᠣᠯᠤᠨ᠎ᠠ᠃ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠨᠡᠶᠢᠳᠡ 160 ᠭᠠᠷᠤᠢ ᠬᠥᠮᠦᠨ ᠠᠵᠢᠯᠯᠠᠭ᠎ᠠ ᠳᠤ ᠣᠷᠣᠯᠴᠠᠪᠠ᠃
     ᠡᠬᠢᠯᠡᠯᠲᠡ ᠶᠢᠨ ᠶᠣᠰᠣᠯᠠᠯ ᠳᠤ ᠴᠢᠬᠤᠯᠠᠴᠢᠯᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠱᠢᠶ᠎ᠡ ᠦᠵᠡᠭᠦᠯᠬᠦ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠨ ᠡᠯ᠎ᠡ ᠵᠦᠢᠯ ᠤᠨ ᠠᠵᠢᠯ ᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ ᠵᠢᠱᠢᠶ᠎ᠡ ᠦᠵᠡᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠢ ᠡᠯ᠎ᠡ ᠵᠦᠢᠯ ᠤᠨ ᠠᠵᠢᠯ ᠳᠤ ᠠᠭᠤᠰᠤᠯᠴᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠭᠤᠣᠯ ᠬᠦᠭ ᠠᠶᠠᠰ ᠢ ᠢᠳᠡᠪᠬᠢᠲᠡᠢ ᠴᠤᠤᠷᠢᠶᠠᠲᠤᠭᠤᠯᠵᠤ᠂ ᠦᠨᠳᠦᠰᠦᠲᠡᠨ ᠤ ᠪᠦᠯᠬᠦᠮᠳᠡᠯ ᠤᠨ ᠢᠳᠡᠪᠬᠢ ᠬᠦᠴᠦᠨ ᠢ ᠳᠠᠮᠵᠢᠭᠤᠯᠵᠤ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ ᠬᠦᠴᠦᠲᠡᠢ ᠠᠬᠢᠭᠤᠯᠬᠤ ᠬᠡᠷᠡᠭᠲᠡᠢ᠃
     ᠡᠬᠢᠯᠡᠯᠲᠡ ᠶᠢᠨ ᠶᠣᠰᠣᠯᠠᠯ ᠳᠡᠭᠡᠷ᠎ᠡ᠂ ᠢᠦᠶ ᠴᠢᠤᠸᠠᠨ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠶᠢᠨ ᠡᠯᠴᠢᠨ ᠰᠠᠶᠢᠳ ᠲᠤ ᠤᠷᠢᠯᠭ᠎ᠠ ᠶᠢᠨ ᠪᠢᠴᠢᠭ ᠭᠠᠷᠳᠠᠭᠤᠯᠵᠤ᠂ ᠡᠯ᠎ᠡ ᠠᠵᠢᠯ ᠲᠦᠷᠦᠯ ᠤᠨ ᠳᠤᠮᠳᠠ ᠠᠴᠠ ᠴᠣᠯᠭᠤᠷᠠᠨ ᠭᠠᠷᠤᠭᠰᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠶᠢᠨ ᠲᠠᠯ᠎ᠠ ᠪᠠᠷ ᠳᠤᠪᠤᠶᠢᠮ᠎ᠠ ᠢᠯᠡᠷᠡᠯ ᠲᠠᠢ 9 ᠲᠡᠷᠢᠭᠦᠨ ᠤ ᠵᠢᠱᠢᠶᠡᠴᠢ ᠬᠤᠪᠢ ᠬᠥᠮᠦᠨ ᠢ ᠢᠦᠢ ᠴᠢᠤᠸᠠᠨ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠶᠢᠨ ᠡᠯᠴᠢᠨ ᠰᠠᠶᠢᠳ ᠢᠶᠠᠷ ᠣᠨᠴᠠᠭᠠᠶᠢᠯᠠᠨ ᠤᠷᠢᠵᠤ᠂ ᠡᠭᠦᠨ ᠤ ᠵᠣᠷᠢᠯᠭ᠎ᠠ ᠨᠢ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠦᠵᠢᠯ ᠤᠨ ᠠᠵᠢᠯ ᠤᠨ ᠳᠤᠮᠳᠠᠬᠢ ᠬᠥᠲᠥᠯᠥᠨ ᠳᠠᠭᠠᠭᠤᠯᠬᠤ᠂ ᠦᠯᠢᠭᠡᠷ ᠵᠢᠱᠢᠶ᠎ᠡ ᠦᠵᠡᠭᠦᠯᠬᠦ ᠪᠠ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠦᠯᠦᠭᠡ ᠶᠤᠮ᠃ ᠡᠨᠡᠬᠦ ᠲᠣᠭᠲᠠᠭᠠᠯ ᠨᠢ ᠪᠠᠰᠠ ︽ᠡᠷᠲᠡᠨ ᠤ ᠡᠭᠡᠰᠢᠭᠯᠡᠯᠲᠦ ᠢᠦᠢ ᠴᠢᠤᠸᠠᠨ  ᠠᠨᠠᠷ ᠤᠨ ᠴᠡᠴᠡᠭ ᠳᠡᠯᠭᠡᠷᠡᠬᠦ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠡᠷᠡᠳᠦ ᠲᠦᠷᠦᠯ ᠲᠡᠮᠳᠡᠭᠲᠦ ᠶᠢ ᠡᠭᠦᠳᠬᠦ ᠶᠢ ᠪᠤᠲᠠᠲᠠᠶᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃
     ᠤᠬᠠᠭᠤᠯᠬᠤ ᠡᠯᠴᠢᠨ ᠰᠠᠶᠢᠳ ᠤᠨ ᠲᠥᠯᠥᠭᠡᠯᠡᠭᠴᠢ ᠵᠠᠩ ᠵᠢᠩ ᡁᠢ ᠶᠠᠷᠢᠶᠠᠨ ᠳᠠᠭᠠᠨ᠂ ᠬᠤᠶᠢᠰᠢᠳᠠ ᠡᠯ᠎ᠡ ᠤᠬᠠᠭᠤᠯᠬᠤ ᠡᠯᠴᠢᠨ ᠰᠠᠶᠢᠳ ᠲᠠᠢ ᠬᠠᠮᠲᠤ ᠪᠠᠷ ᠢᠦᠶ ᠴᠢᠤᠸᠠᠨ ᠲᠣᠭᠤᠷᠢᠭ ᠤᠨ ᠭᠦᠨ ᠵᠤᠵᠠᠭᠠᠨ ᠲᠡᠦᠬᠡ ᠰᠣᠶᠣᠯ ᠤᠨ ᠠᠭᠤᠯᠬᠤᠨ ᠳᠤ ᠠᠩᠬᠠᠷᠤᠯ ᠢᠶᠠᠨ ᠲᠥᠪᠯᠡᠷᠡᠭᠦᠯᠵᠦ᠂ ᠢᠦᠢ ᠴᠢᠤᠸᠠᠨ ᠲᠣᠭᠤᠷᠢᠭ ᠤᠨ ᠲᠡᠦᠬᠡᠨ ᠳᠠᠬᠢ ᠡᠯ᠎ᠡ ᠴᠠᠭ ᠦᠶ᠎ᠡ ᠶᠢᠨ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠪᠣᠳᠠᠲᠤ ᠪᠠᠶᠢᠳᠠᠯ ᠢ ᠭᠦᠨᠵᠡᠭᠡᠢ ᠠᠭᠤᠳᠠᠯᠵᠤ᠂ ᠢᠦᠢ ᠴᠢᠤᠸᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠰᠠᠶᠢᠲᠤᠷ ᠶᠠᠷᠢᠵᠤ᠂ ︽ᠡᠷᠲᠡᠨ ᠤ ᠡᠭᠡᠰᠢᠭᠯᠡᠯᠲᠦ ᠢᠦᠢ ᠴᠢᠤᠸᠠᠨ  ᠠᠨᠠᠷ ᠤᠨ ᠴᠡᠴᠡᠭ ᠳᠡᠯᠭᠡᠷᠡᠬᠦ︾ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠨᠡᠷᠡᠳᠦ ᠲᠦᠷᠦᠯ ᠲᠡᠮᠳᠡᠭᠲᠦ ᠶᠢ ᠡᠭᠦᠳᠬᠦ ᠠᠭᠤᠯᠤᠭᠳᠠᠬᠤᠨ ᠢ ᠳᠡᠭᠡᠭᠰᠢᠯᠡᠭᠦᠯᠵᠦ᠂ ᠢᠦᠢ ᠴᠢᠤᠸᠠᠨ ᠲᠣᠭᠤᠷᠢᠭ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠦᠢᠯᠡᠳᠦᠯᠭᠡ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃
     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠦᠵᠡᠭᠦᠯᠦᠯᠭᠡ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠠᠢ ᠶᠢᠨ ᠲᠠᠶᠢᠯᠤᠮᠵᠢ ᠬᠢᠬᠦ ᠵᠡᠷᠭᠡ ᠬᠡᠯᠪᠡᠷᠢ ᠪᠠᠷ ᠦᠨᠳᠦᠰᠦᠲᠡᠨ ᠨᠦᠭᠦᠳ ᠤᠨ ᠤᠯᠠᠨ ᠲᠦᠮᠡᠨ ᠲᠠᠢ ᠨᠢᠭᠤᠷᠳᠠᠨ ᠤᠬᠠᠭᠤᠯᠤᠨ ᠰᠣᠯᠢᠯᠴᠠᠵᠤ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠲᠠᠨᠢᠯᠴᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠮᠡᠳᠡᠯᠭᠡ ᠶᠢ ᠲᠦᠭᠡᠮᠡᠯᠵᠢᠭᠦᠯᠵᠡᠢ᠃ ᠠᠵᠢᠯᠯᠠᠭ᠎ᠠ ᠳᠤ ᠪᠠᠰᠠ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ ᠲᠣᠭᠤᠷᠢᠭ ᠭᠠᠷᠭᠠᠵᠤ᠂ ᠠᠵᠢᠯᠯᠠᠭ᠎ᠠ ᠳᠤ ᠣᠷᠣᠯᠴᠠᠬᠤ ᠪᠠᠷ ᠢᠷᠡᠭᠰᠡᠨ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠣᠶᠢᠷ᠎ᠠ ᠵᠠᠶ ᠠᠴᠠ ᠣᠶᠢᠯᠠᠭᠠᠭᠤᠯᠪᠠ᠃
     ᠠᠵᠢᠯᠯᠠᠭ᠎ᠠ ᠶᠢᠨ ᠳᠤᠮᠳᠠ ᠢᠦᠶ ᠴᠢᠤᠸᠠᠨ ᠲᠣᠭᠤᠷᠢᠭ ᠤᠨ ᠤᠯᠠᠭᠠᠨᠮᠥ᠋ᠴᠢᠷ᠂ ᠰᠢᠩ ᠯᠦᠩ ᠭᠤᠳᠤᠮᠵᠢ ᠶᠢᠨ ᠵᠡᠭᠡᠯᠢ ᠭᠤᠲᠤᠮᠵᠢ ᠶᠢᠨ ᠴᠢᠩ ᠴᠢᠤᠸᠠᠨ ᠵᠡᠭᠡᠯᠢ ᠶᠢᠨ ᠨᠡᠶᠢᠭᠡᠮ ᠲᠣᠭᠤᠷᠢᠭ ᠤᠨ ᠣᠯᠠᠨ ᠲᠦᠮᠡᠨ ᠤ ᠤᠳᠬ᠎ᠠ ᠤᠷᠠᠯᠢᠭ ᠤᠨ ᠠᠩᠭᠢ᠂ ᠱᠧ ᠢ ᠰᠣᠶᠣᠯ ᠤᠨ ᠪᠦᠯᠦᠭᠯᠡᠯ ᠪᠠᠰᠠ ᠲᠤᠬᠠᠢ ᠶᠢᠨ ᠲᠠᠯᠠᠪᠠᠢ ᠶᠢᠨ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠡᠷᠡᠭᠲᠡᠢ ᠡᠮᠡᠭᠲᠡᠢ ᠶᠢᠨ ᠬᠤᠣᠰᠯᠠᠯ ᠳᠠᠭᠤᠤ  ︽ᠵᠣᠯ ᠵᠢᠷᠭᠠᠯᠲᠤ ᠳᠤᠮᠳᠠᠳᠤ ᠤᠯᠤᠰ ᠬᠠᠮᠲᠤ ᠪᠠᠷ ᠤᠷᠤᠭᠰᠢᠯᠠᠶ᠎ᠠ︾᠂ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ᠂ ︽ᠬᠤᠶᠠᠳᠤᠭᠠᠷ ᠶᠡᠭᠡ ᠠᠪᠠᠭ᠎ᠠ ᠡᠬᠡ ᠶᠢᠨ ᠨᠠᠮ ᠤᠨ ᠲᠥᠷᠥ ᠶᠢᠨ ᠪᠣᠳᠣᠯᠭ᠎ᠠ ᠶᠢ ᠠᠷᠪᠠ ᠮᠠᠭᠲᠠᠭᠰᠠᠨ︾ ᠪᠠ ᠤᠯᠠᠮᠵᠢᠯᠠᠯᠲᠤ ᠰᠣᠶᠣᠯ ᠤᠨ ᠴᠠᠶ ᠶᠢᠨ ᠲᠣᠭᠯᠠᠯᠲᠠ ᠵᠢᠴᠢ ᠢᠦᠶ ᠴᠢᠤᠸᠠᠨ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠠᠵᠢᠯᠲᠠᠳ ᠤᠨ ︽ᠡᠷᠲᠡᠨ ᠤ ᠡᠭᠡᠰᠢᠭᠯᠡᠯᠲᠦ ᠢᠦᠢ ᠴᠢᠤᠸᠠᠨ  ᠠᠨᠠᠷ ᠤᠨ ᠴᠡᠴᠡᠭ ᠳᠡᠯᠭᠡᠷᠡᠬᠦ︾ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠨᠡᠷᠡᠳᠦ ᠲᠦᠷᠦᠯ ᠲᠡᠮᠳᠡᠭᠲᠦ ᠶᠢ ᠡᠭᠦᠳᠦᠨ ᠪᠦᠲᠦᠭᠡᠬᠦ ᠶᠢᠨ ᠲᠥᠯᠥᠭᠡ ᠥᠪᠡᠷ ᠢᠶᠠᠨ ᠨᠠᠶᠢᠷᠠᠭᠤᠯᠵᠤ ᠥᠪᠡᠷ ᠢᠶᠠᠨ ᠡᠭᠦᠳᠦᠭᠰᠡᠨ ᠭᠤᠣᠯ ᠰᠡᠳᠦᠪᠲᠦ ᠠᠶ᠎ᠠ — ︽ᠡᠷᠲᠡᠨ ᠤ ᠡᠭᠡᠰᠢᠭᠯᠡᠯᠲᠦ ᠢᠦᠢ ᠴᠢᠤᠸᠠᠨ  ᠠᠨᠠᠷ ᠤᠨ ᠴᠡᠴᠡᠭ ᠳᠡᠯᠭᠡᠷᠡᠬᠦ︾ ᠵᠡᠷᠭᠡ ᠪᠠᠶᠠᠯᠢᠭ ᠰᠠᠶᠢᠬᠠᠨ ᠲᠣᠭᠯᠠᠯᠲᠠ ᠨᠢ ᠢᠦᠢ  ᠴᠢᠤᠸᠠᠨ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤᠶᠤᠨ ᠰᠠᠨᠠᠭᠠᠨ ᠤ ᠳᠦᠷᠰᠦ ᠪᠠᠶᠢᠳᠠᠯ ᠢ ᠬᠠᠷᠠᠭᠤᠯᠪᠠ᠃       ᠳᠠᠪᠤᠳᠤᠭᠠᠷ ᠰᠠᠷ᠎ᠠ ᠶᠢᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠤᠬᠠᠭᠤᠯᠬᠤ ᠰᠠᠷ᠎ᠠ ᠶᠢᠨ ᠬᠤᠭᠤᠴᠠᠭᠠᠨ ᠳᠤ᠂ ᠢᠦᠶ ᠴᠢᠤᠸᠠᠨ ᠲᠣᠭᠤᠷᠢᠭ ᠤᠨ ᠬᠢᠨ ᠠᠵᠢᠯ ᠤᠨ ᠠᠷᠭ᠎ᠠ ᠬᠡᠯᠪᠡᠷᠢ ᠪᠠᠨ ᠤᠯᠠᠮ ᠨᠢᠭᠡ ᠠᠯᠬᠤᠮ ᠰᠢᠨᠡᠴᠢᠯᠡᠵᠦ᠂ ᠬᠦᠯᠢᠶᠡᠨ ᠠᠪᠤᠭᠴᠢᠳ ᠤᠨ ᠣᠨᠴᠠᠯᠢᠭ ᠲᠤ ᠴᠢᠭᠯᠡᠭᠦᠯᠦᠨ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠤᠯᠠᠨ ᠠᠷᠭ᠎ᠠ ᠵᠠᠮ ᠢᠶᠠᠷ᠂ ᠪᠦᠬᠦ ᠲᠠᠯ᠎ᠠ ᠪᠠᠷ᠂ ᠰᠢᠨ᠎ᠡ ᠶᠢ ᠡᠭᠦᠳᠬᠦ ᠴᠢᠨᠠᠷᠲᠠᠢ ᠪᠠᠷ ᠥᠷᠨᠢᠭᠦᠯᠵᠦ᠂ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠤᠢᠢᠯᠠᠭᠠᠭᠳᠠᠬᠤᠨ ᠢ ᠪᠠᠬᠢᠵᠢᠭᠦᠯᠵᠦ᠂ ᠢᠦᠢ ᠴᠢᠤᠸᠠᠨ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠬᠡᠷᠡᠭᠲᠡᠢ᠃            ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ    
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号