ᠬᠥᠬᠡ ᠣᠭᠲᠠᠷᠭᠤᠢ ᠠᠴᠠ ᠠᠰᠠᠭᠤᠨ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ
ᠨᠡᠶᠢᠲᠡᠯᠡᠭᠰᠡᠨ ᠴᠠᠭ᠄
2024/4/25
      2024 ᠣᠨ ᠤ 4 ᠳ᠋ᠦ᠋ᠭᠡᠷ ᠰᠠᠷ᠎ᠠ ᠶᠢᠨ 24 ᠤ ᠡᠳᠦᠷ ᠪᠣᠯ ᠶᠢᠰᠦᠳᠦᠭᠡᠷ ︽ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠡᠳᠦᠷ︾ ᠪᠣᠯᠣᠨ᠎ᠠ᠂ ︽ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠡᠳᠦᠷ︾ ᠤᠨ ᠬᠦᠷᠴᠦ ᠢᠷᠡᠬᠦ ᠶᠢ ᠤᠭᠲᠤᠬᠤ ᠶᠢᠨ ᠲᠥᠯᠥᠭᠡ᠂ ᠥᠪᠥᠷ ᠮᠣᠩᠭᠤᠯ ᠤᠨ ᠮᠦᠽᠧᠢ ᠶᠢᠨ ᠬᠢᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠲᠠᠢ ᠬᠠᠮᠲᠤᠷᠠᠨ ︽ᠤᠮᠠᠷᠠᠲᠤ ᠬᠢᠯᠢ ᠪᠠᠨ ᠦᠵᠡᠰᠬᠦᠯᠡᠩᠲᠦ ᠰᠠᠶᠢᠬᠠᠨ ᠪᠣᠯᠭᠠᠵᠤ᠂ ᠰᠠᠨᠰᠠᠷ ᠤᠨ ᠠᠶᠠᠯᠠᠯ ᠤᠨ ᠬᠦᠰᠡᠯ ᠵᠡᠭᠦᠳᠦ ᠶᠢ ᠲᠡᠷᠭᠡᠯᠰᠢᠭᠦᠯᠬᠦ︾ ᠪᠠᠷ ᠭᠤᠣᠯ ᠰᠡᠳᠦᠪ ᠪᠣᠯᠭᠠᠭᠰᠠᠨ ︽ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠡᠳᠦᠷ︾ ᠤᠨ ᠠᠵᠢᠯᠯᠠᠭ᠎ᠠ ᠶᠢ ᠡᠷᠬᠢᠯᠡᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠤᠷᠤᠭᠴᠢᠳ ︽ᠰᠠᠨᠰᠠᠷ ᠤᠨ ᠬᠤᠪᠴᠠᠰᠤ︾ ᠡᠮᠦᠰᠴᠦ᠂ ᠠᠭᠠᠷ ᠤᠨ ᠠᠶᠠᠯᠠᠯ ᠤᠨ ᠵᠠᠭᠪᠤᠷ ᠪᠣᠯᠣᠨ ᠪᠣᠳᠠᠲᠤ ᠪᠣᠳᠠᠰ ᠤᠨ ᠦᠵᠡᠭᠦᠯᠦᠯᠭᠡ ᠶᠢᠨ ᠳᠠᠰᠤᠭ ᠢᠶᠠᠷ ᠠᠯᠬᠤᠯᠠᠵᠤ᠂ ᠡᠬᠡ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ ᠨᠡᠭᠡᠭᠡᠨ ᠬᠥᠭᠵᠢᠭᠰᠡᠨ ᠠᠭᠤᠤ ᠶᠡᠭᠡ ᠶᠠᠪᠤᠴᠠ ᠶᠢ ᠪᠡᠶ᠎ᠡ ᠪᠠᠷ ᠢᠶᠠᠨ ᠣᠶᠢᠯᠠᠭᠠᠭᠰᠠᠨ ᠪᠥᠭᠡᠳ ᠬᠢᠮᠡᠯ ᠳᠠᠭᠠᠭᠤᠯᠢ ᠤᠳᠤᠨ ᠤ ᠵᠠᠭᠪᠤᠷ ᠦᠢᠯᠡᠳᠬᠦ ᠠᠵᠢᠯᠯᠠᠭ᠎ᠠ ᠪᠣᠯᠣᠨ ᠨᠡᠷᠡᠨ ᠤ ᠡᠨᠧᠷᠭᠢ ᠪᠠᠷ ᠬᠥᠳᠡᠯᠭᠡᠬᠦ ᠳᠠᠭᠠᠭᠤᠯᠢ ᠤᠳᠤ ᠶᠢ ᠡᠷᠭᠢᠯᠳᠦᠭᠦᠯᠬᠦ ᠲᠤᠷᠰᠢᠯᠲᠠ ᠪᠠᠷ ᠳᠠᠮᠵᠢᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠷᠢᠳᠢ ᠰᠢᠳᠢ ᠶᠢ ᠣᠶᠢᠯᠠᠭᠠᠪᠠ᠃ ᠵᠢᠷᠤᠭ ᠪᠣᠯ ᠰᠤᠷᠤᠭᠴᠢᠳ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠢ ᠲᠣᠭᠤᠷᠢᠨ ᠦᠵᠡᠵᠦ ᠪᠠᠶᠢᠭ᠎ᠠ ᠨᠢ᠃ ᠰᠤᠷᠪᠤᠯᠵᠢᠯᠠᠭᠴᠢ ᠸᠠᠩ ᠱᠣᠣ ᠺᠠᠢ ᠰᠡᠭᠦᠳᠡᠷᠯᠡᠪᠡ
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号