2024 ᠣᠨ ᠤ ︽ᠲᠠᠪᠤᠨ ᠰᠠᠷ᠎ᠠ ᠶᠢᠨ ᠨᠢᠭᠡᠨ︾᠂ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠬᠦ ᠲᠤᠬᠠᠶ ᠢᠦᠶ ᠴᠢᠤᠸᠠᠨ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/4/25
ᠪᠦᠬᠦ ᠲᠤᠭᠤᠷᠢᠭ ᠤᠨ ᠡᠯ᠎ᠡ ᠠᠵᠤ ᠦᠢᠯᠡᠳᠪᠦᠷᠢ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠳᠤ᠄      2024 ᠣᠨ ᠤ ︽ᠲᠠᠪᠤᠨ ᠰᠠᠷ᠎ᠠ ᠶᠢᠨ ᠨᠢᠭᠡᠨ︾᠂ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ︾ ᠤᠨ ᠬᠤᠶᠠᠷ ᠪᠠᠶᠠᠷ ᠪᠣᠯᠬᠤ ᠭᠡᠵᠦ ᠪᠠᠶᠢᠬᠤ ᠳᠤ᠂ ᠮᠠᠨ ᠤ ᠲᠤᠭᠤᠷᠢᠭ ᠤᠨ ︽ᠬᠤᠶᠠᠷ ᠪᠠᠶᠠᠷ︾ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠬᠢᠵᠦ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠂ ᠬᠦᠨᠳᠦ ᠣᠨᠴᠠ ᠶᠡᠭᠡ ᠠᠳᠡᠯ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠶᠢᠨ ᠲᠤᠰᠠᠳᠠ᠂ ᠡᠳᠦᠭᠡ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠲᠠᠨᠢᠯᠲᠠ ᠪᠠᠨ ᠳᠡᠭᠡᠭᠰᠢᠯᠡᠭᠦᠯᠵᠦ᠂ ︽ᠬᠤᠶᠠᠷ ᠪᠠᠶᠠᠷ︾ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠬᠤ ᠬᠡᠷᠡᠭᠲᠡᠶ      ︽ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠴᠥᠬᠦᠷᠡᠰᠢ ᠦᠭᠡᠢ ᠪᠠᠶᠢᠩᠭᠤ ᠠᠳᠬᠤᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠬᠤᠶᠠᠷ ᠪᠠᠶᠠᠷ︾ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠡᠯ᠎ᠡ ᠠᠵᠤ ᠦᠢᠯᠡᠳᠪᠦᠷᠢ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ᠂ ᠲᠤᠰᠤ ᠨᠡᠮᠡᠬᠦ ᠦᠷᠳᠡᠭᠡ᠂ ᠰᠢᠨ᠎ᠡ ᠮᠠᠰᠢᠨ ᠲᠡᠷᠭᠡ ᠪᠣᠷᠣᠯᠠᠭᠤᠯᠬᠤ ᠵᠡᠷᠭᠡ ᠠᠵᠤ ᠠᠬᠤᠶᠢᠯᠠᠯ ᠤᠳ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠠᠷᠠᠯᠲᠠ ᠪᠠᠨ ᠲᠣᠳᠣᠷᠬᠠᠶᠢᠯᠠᠨ᠂ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠵᠤ᠂ ᠬᠠᠷᠢᠭᠤᠴᠠᠯᠭ᠎ᠠ ᠪᠠᠨ ᠬᠥᠮᠦᠨ ᠳᠤ ᠨᠠᠶᠢᠳᠠᠪᠤᠷᠢᠵᠢᠭᠤᠯᠬᠤ ᠬᠡᠷᠡᠭᠲᠡᠶ᠃ ᠡᠭᠦᠨ ᠤ ᠵᠡᠷᠭᠡᠴᠡᠭᠡᠪᠡᠷ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠤᠯᠠᠮ ᠨᠢᠭᠡ ᠠᠯᠬᠤᠮ ᠲᠣᠳᠣᠷᠬᠠᠶᠢᠯᠠᠨ ᠨᠠᠶᠢᠳᠠᠪᠤᠷᠢᠵᠢᠭᠤᠯᠵᠤ᠂ ᠱᠡᠳᠦ ᠱᠡᠳᠦ ᠪᠠᠷ ᠢᠶᠠᠨ ᠠᠳᠬᠤᠵᠤ᠂ ᠱᠡᠳᠦ ᠱᠡᠳᠦ ᠪᠠᠷ ᠨᠠᠶᠢᠳᠠᠪᠤᠷᠢᠵᠢᠭᠤᠯᠬᠤ ᠶᠢ ᠠᠳᠬᠤᠬᠤ ᠬᠡᠷᠡᠭᠲᠡᠶ᠃      ᠬᠤᠶᠠᠷ᠂ ︽ᠬᠤᠶᠠᠷ ᠪᠠᠶᠠᠷ︾ ᠤᠨ ᠬᠤᠭᠤᠴᠠᠭᠠᠨ ᠳᠤ ᠠᠵᠤ ᠠᠬᠤᠶᠢᠯᠠᠯ ᠢ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠪᠦᠬᠦ ᠲᠠᠯ᠎ᠠ ᠪᠠᠷ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ      ᠡᠯ᠎ᠡ ᠠᠵᠤ ᠠᠬᠤᠶᠢᠯᠠᠯ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠪᠦᠬᠦ ᠲᠠᠯ᠎ᠠ ᠪᠠᠷ ᠥᠷᠨᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠭᠰᠠᠨ ᠪᠠ ᠬᠡᠷᠡᠭᠵᠢᠭᠦᠯᠦᠭᠰᠡᠨ ᠪᠠᠶᠢᠳᠠᠯ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ᠂ ᠭᠡᠮ ᠰᠣᠭᠤᠭ ᠢ ᠪᠠᠶᠢᠴᠠᠭᠠᠵᠤ ᠵᠠᠰᠠᠭᠰᠠᠨ ᠪᠠᠶᠢᠳᠠᠯ᠂ ᠬᠥᠮᠦᠵᠢᠯ ᠪᠣᠯᠪᠠᠰᠤᠷᠠᠯ ᠤᠨ ᠪᠠᠶᠢᠳᠠᠯ᠂ ᠪᠡᠯᠡᠳᠭᠡᠮᠵᠢ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠪᠠᠶᠢᠳᠠᠯ ᠵᠡᠷᠭᠡ ᠳᠤ ᠪᠦᠬᠦ ᠲᠠᠯ᠎ᠠ ᠶᠢᠨ ᠪᠠᠶᠢᠴᠠᠭᠠᠯᠲᠠ ᠪᠠ ᠴᠡᠭᠴᠡᠯᠡᠨ ᠵᠠᠰᠠᠯᠲᠠ ᠦᠷᠨᠢᠭᠦᠯᠬᠦ ᠶᠢᠨ ᠬᠠᠮᠲᠤ ︽ᠭᠤᠷᠪᠠᠨ ᠨᠢᠭᠡ︾ ᠶᠢ ᠨᠠᠶᠢᠳᠠᠪᠤᠷᠢᠵᠢᠭᠤᠯᠵᠤ᠂ ᠨᠢᠭᠡ ᠳᠤ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠰᠬᠠᠶ ᠰᠡᠳᠦᠪᠲᠦ ᠬᠤᠷᠠᠯ ᠢ ᠨᠢᠭᠡ ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠬᠡᠷᠡᠭᠲᠡᠶ︔ ᠬᠤᠶᠠᠷ ᠲᠤ᠂ ᠪᠦᠬᠦ ᠠᠵᠢᠯᠲᠠᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠨᠢᠭᠡ ᠤᠳᠠᠭ᠎ᠠ ᠥᠷᠨᠢᠭᠦᠯᠵᠦ᠂ ᠠᠮᠤᠷ ᠲᠦᠪᠰᠢᠨ ᠤ ᠤᠬᠠᠮᠰᠠᠷ ᠪᠣᠯᠤᠨ ᠬᠡᠪ ᠴᠢᠨᠠᠷ ᠢ ᠳᠡᠭᠡᠭᠰᠢᠯᠡᠭᠦᠯᠵᠦ᠂ ᠠᠵᠢᠯᠲᠠᠳ ᠤᠨ ᠴᠢᠬᠤᠯᠠ ᠪᠦᠬᠦᠢ ᠠᠶᠤᠯᠭᠦᠶ ᠦᠢᠯᠡᠳᠪᠦᠷᠢᠯᠡᠯ ᠤᠨ ᠰᠠᠭᠤᠷᠢ ᠮᠡᠳᠡᠯᠭᠡ ᠲᠠᠢ ᠪᠠᠶᠢᠬᠤ ᠶᠢ ᠪᠠᠲᠤᠯᠠᠵᠤ᠂ ᠬᠦᠨᠳᠦ ᠶᠡᠭᠡ ᠠᠳᠡᠯ ᠤᠨ ᠳᠠᠯᠳᠠ ᠭᠡᠮ ᠢ ᠮᠠᠭᠠᠳᠯᠠᠬᠤ ᠪᠠᠷᠢᠮᠵᠢᠶ᠎ᠠ ᠶᠢ ᠣᠶᠢᠯᠠᠭᠠᠵᠤ᠂ ᠬᠤᠯᠪᠣᠭᠳᠠᠯ ᠪᠦᠬᠦᠢ ᠠᠶᠤᠯᠭᠦᠶ ᠦᠢᠯᠡᠳᠪᠦᠷᠢᠯᠡᠯ ᠤᠨ ᠳᠦᠷᠢᠮ ᠲᠣᠭᠲᠠᠭᠠᠯ ᠪᠣᠯᠤᠨ ᠠᠮᠤᠷ ᠲᠦᠪᠰᠢᠨ ᠠᠵᠢᠯᠯᠠᠬᠤ ᠳᠦᠷᠢᠮᠵᠢᠯ ᠢ ᠣᠶᠢᠯᠠᠭᠠᠵᠤ᠂ ᠲᠤᠰ ᠠᠵᠢᠯ ᠤᠨ ᠪᠠᠶᠢᠷᠢ ᠶᠢᠨ ᠠᠮᠤᠷ ᠲᠦᠪᠰᠢᠨ ᠠᠵᠢᠯᠯᠠᠬᠤ ᠤᠷ᠎ᠠ ᠴᠢᠳᠠᠪᠤᠷᠢ ᠶᠢ ᠡᠵᠡᠮᠰᠢᠵᠦ᠂ ᠵᠣᠬᠢᠬᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠣᠶᠢᠯᠠᠭᠠᠬᠤ ᠬᠡᠷᠡᠭᠲᠡᠢ︔ ᠭᠤᠷᠪᠠ ᠳᠤ ᠨᠢᠭᠡ ᠤᠳᠠᠭᠠᠨ ᠤ ᠪᠦᠬᠦ ᠲᠠᠯ᠎ᠠ ᠶᠢᠨ ᠠᠮᠤᠷ ᠲᠦᠪᠰᠢᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠪᠠᠶᠢᠴᠠᠭᠠᠯᠲᠠ ᠬᠢᠨᠠᠯᠲᠠ ᠶᠢ ᠦᠨᠡᠨᠬᠦ ᠴᠢᠩᠭᠠᠳᠬᠠᠵᠤ᠂ ᠠᠳᠡᠯ ᠤᠨ ᠲᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠠᠵᠤ ᠠᠬᠤᠶᠢᠯᠠᠯ ᠤᠨ ᠲᠠᠯᠳᠠ ᠭᠡᠮ ᠢ ᠥᠪᠡᠷ ᠲᠡᠭᠡᠨ ᠪᠠᠶᠢᠴᠠᠭᠠᠵᠤ ᠥᠪᠡᠷ ᠲᠡᠭᠡᠨ ᠮᠡᠳᠡᠭᠦᠯᠵᠦ ᠥᠪᠡᠷ ᠲᠡᠭᠡᠨ ᠥᠭᠡᠷᠡᠴᠢᠯᠡᠬᠦ ᠶᠢᠨ ᠭᠤᠣᠯ ᠠᠭᠤᠯᠭ᠎ᠠ ᠪᠣᠯᠭᠠᠵᠤ᠂ ᠮᠠᠰᠢᠨ ᠲᠥᠬᠦᠭᠡᠷᠦᠮᠵᠢ᠂ ᠴᠠᠬᠢᠯᠭᠠᠨ ᠬᠡᠷᠡᠭᠰᠡᠯ  ᠤᠨ ᠬᠡᠯᠬᠢᠶ᠎ᠡ᠂ ᠭᠠᠯ ᠤᠨᠲᠠᠷᠠᠭᠠᠬᠤ ᠠᠮᠤᠷ ᠲᠦᠪᠰᠢᠨ ᠬᠢᠭᠡᠳ ᠬᠡᠷᠡᠭᠯᠡᠬᠦ ᠵᠡᠷᠭᠡ ᠳᠤ ᠰᠢᠰᠲ᠋ᠧᠮ ᠲᠠᠢ ᠪᠠᠶᠢᠴᠠᠭᠠᠯᠲᠠ ᠬᠢᠬᠦ ᠶᠢ ᠭᠤᠣᠯᠳᠠᠯᠭ᠎ᠠ ᠲᠠᠢ ᠲᠤᠪᠤᠶᠢᠯᠭᠠᠨ᠂ ᠣᠯᠵᠤ ᠮᠡᠳᠡᠭᠰᠡᠨ ᠠᠳᠡᠯ ᠤᠨ ᠲᠠᠯᠳᠠ ᠭᠡᠮ ᠢ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠥᠭᠡᠢ ᠪᠣᠯ ᠦᠢᠯᠡᠳᠪᠦᠷᠢᠯᠡᠬᠦ ᠥᠭᠡᠢ᠂ ᠲᠠᠯᠳᠠ ᠭᠡᠮ ᠢ ᠠᠷᠢᠯᠭᠠᠬᠤ ᠥᠭᠡᠢ ᠪᠣᠯ ᠦᠢᠯᠡᠳᠪᠦᠷᠢᠯᠡᠬᠦ ᠥᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠶ᠃      ᠭᠤᠷᠪᠠ᠂ ᠭᠤᠤᠯᠳᠠᠯᠭ᠎ᠠ ᠶᠢ ᠳᠣᠪᠤᠶᠢᠯᠭᠠᠨ᠂ ︽ᠬᠤᠶᠠᠷ ᠪᠠᠶᠠᠷ︾ ᠤᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ      ᠡᠯ᠎ᠡ ᠠᠵᠤ ᠦᠢᠯᠡᠳᠪᠦᠷᠢ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠤᠳ ︽ᠬᠤᠶᠠᠷ ᠪᠠᠶᠠᠷ︾ ᠤᠨ ᠬᠤᠭᠤᠴᠠᠭᠠᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢᠨ ᠣᠨᠴᠠᠯᠢᠭ ᠲᠤ ᠴᠢᠭᠯᠡᠭᠦᠯᠦᠨ᠂ ᠠᠮᠤᠷ ᠲᠦᠪᠰᠢᠨ ᠤ ᠠᠵᠢᠯ ᠤᠨ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠦᠨ᠂ ᠤᠯᠠᠨ ᠲᠦᠮᠡᠨ ᠤ ᠥᠪᠡᠷ ᠢ ᠪᠠᠨ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠣᠷᠣᠨ ᠪᠠᠶᠢᠷᠢ᠂ ᠭᠤᠣᠯᠳᠠᠯᠭ᠎ᠠ ᠲᠠᠢ ᠣᠷᠣᠨ ᠪᠦᠰᠡ ᠶᠢ ᠴᠡᠭᠴᠡᠯᠡᠨ ᠵᠠᠰᠠᠬᠤ ᠪᠠ ᠬᠠᠮᠢᠶᠠᠷᠬᠤ ᠪᠠᠨ ᠴᠢᠩᠭᠠᠳᠬᠠᠵᠤ᠂ ᠬᠦᠨᠳᠦ ᠶᠡᠭᠡ ᠠᠳᠡᠯ ᠤᠨ ᠲᠠᠯᠳᠠ ᠭᠡᠮ ᠪᠠ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠪᠦᠲᠦᠮᠵᠢᠲᠡᠶ ᠪᠠᠷ ᠬᠢᠨᠠᠨ ᠡᠵᠡᠮᠳᠡᠬᠦ ᠪᠠ ᠵᠠᠰᠠᠬᠤ ᠬᠡᠷᠡᠭᠲᠡᠢ᠃ ᠭᠠᠯ ᠤᠨᠲᠠᠷᠠᠭᠠᠬᠤ ᠪᠡᠯᠡᠳᠬᠡᠮᠵᠢ᠂ ᠠᠶᠤᠯᠲᠠᠶ ᠬᠢᠮᠢ ᠶᠢᠨ ᠪᠣᠳᠠᠰ᠂ ᠬᠤᠸᠠᠷ ᠫᠤᠤᠵᠢᠩ᠂ ᠴᠠᠬᠢᠯᠭᠠᠨ ᠬᠡᠷᠡᠭᠰᠡᠯ ᠤᠨ ᠲᠥᠬᠦᠭᠡᠷᠦᠮᠵᠢ᠂ ᠵᠠᠮ ᠱᠤᠭᠤᠮ᠂ ᠣᠨᠴᠠ ᠲᠥᠷᠥᠯ ᠤᠨ ᠲᠥᠬᠦᠭᠡᠷᠦᠮᠵᠢ᠂ ᠨᠣᠴᠣᠮᠠᠲᠠᠭᠠᠶ ᠳᠡᠯᠪᠡᠷᠡᠮᠡᠲᠡᠭᠡᠶ᠂ ᠥᠨᠳᠥᠷ ᠳᠤᠯᠠᠭᠠᠨ ᠥᠨᠳᠥᠷ ᠳᠠᠷᠤᠯᠲᠠ᠂ ᠤᠨᠴᠠᠭᠠᠢ ᠠᠵᠢᠯ ᠤᠨ ᠪᠠᠶᠢᠷᠢ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠪᠠ ᠬᠦᠷᠢᠶ᠎ᠡ ᠴᠠᠷᠠᠭ᠎ᠠ ᠶᠢᠨ ᠠᠳᠡᠯ ᠤᠨ ᠳᠠᠯᠳᠠ ᠬᠡᠮ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠬᠡᠷᠡᠭᠲᠡᠢ᠃ ᠣᠯᠵᠤ ᠮᠡᠳᠡᠭᠰᠡᠨ ᠡᠯ᠎ᠡ ᠵᠦᠢᠯ ᠤᠨ ᠠᠳᠡᠯ ᠤᠨ ᠲᠡᠯᠳᠠ ᠭᠡᠮ ᠢ ᠨᠠᠷᠢᠨ ᠬᠢᠨᠠᠮᠠᠭᠠᠶ ᠪᠠᠷ ᠴᠡᠭᠴᠡᠯᠡᠨ ᠰᠠᠶᠢᠵᠢᠷᠠᠭᠤᠯᠵᠤ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠬᠡᠷᠡᠭᠲᠡᠶ᠃      ᠡᠯ᠎ᠡ ᠠᠵᠤ ᠦᠢᠯᠡᠳᠪᠦᠷᠢ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ᠂ ᠲᠣᠰᠣ ᠨᠡᠮᠡᠬᠦ ᠥᠷᠲᠡᠭᠡ᠂ ᠰᠢᠨ᠎ᠡ ᠮᠠᠰᠢᠨ ᠲᠡᠷᠭᠡ ᠪᠣᠷᠣᠯᠠᠭᠤᠯᠬᠤ ᠵᠡᠷᠭᠡ ᠠᠵᠤ ᠠᠬᠤᠶᠢᠯᠠᠯ ᠤᠳ ︽ᠬᠤᠶᠠᠷ ᠪᠠᠶᠠᠷ︾ ᠤᠨ ᠬᠤᠭᠤᠴᠠᠭᠠᠨ ᠳᠠᠬᠢ ᠠᠵᠢᠯ ᠲᠥᠷᠥᠯ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠬᠤ ᠳᠤ ᠴᠢᠭᠯᠡᠭᠦᠯᠦᠨ᠂ ᠡᠯ᠎ᠡ ᠠᠵᠤ ᠠᠬᠤᠶᠢᠯᠠᠯ ᠢ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ ᠠᠵᠢᠯ ᠢ ᠪᠥᠬᠦ ᠲᠠᠯ᠎ᠠ ᠪᠠᠷ ᠠᠳᠬᠤᠵᠤ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠲᠥᠰᠦᠯ ᠢ ᠪᠣᠶ ᠪᠣᠯᠭᠠᠬᠤ ᠶᠢᠨ ᠬᠠᠮᠲᠤ ᠲᠠᠩᠰᠠ ᠡᠪᠬᠡᠮᠡᠯ ᠳᠤ ᠦᠯᠡᠳᠡᠭᠡᠨ ᠳᠠᠩᠰᠠᠯᠠᠭᠤᠯᠬᠤ ᠬᠡᠷᠡᠭᠲᠡᠶ ᠭᠡᠵᠦ ᠱᠠᠭᠠᠷᠳᠠᠪᠠ᠃      ᠣᠳᠣ ᠮᠠᠨ ᠤ ᠲᠤᠭᠤᠷᠢᠭ ᠤᠨ ᠬᠤᠳᠠᠯᠳᠤᠭᠠᠨ ᠤ ᠶᠡᠷᠦᠩᠬᠡᠶ ᠴᠣᠭᠴᠠ ᠶᠢᠨ ᠬᠡᠮᠵᠢᠶ᠎ᠡ ᠶᠡᠭᠡ᠂ ᠲᠠᠷᠬᠠᠯᠲᠠ ᠪᠠᠷ ᠥᠷᠭᠡᠨ᠂ ᠬᠥᠮᠦᠨ ᠣᠯᠠᠨ ᠴᠤᠭᠯᠠᠷᠠᠳᠠᠭ ᠭᠠᠵᠠᠷ ᠤᠨ ᠬᠡᠷᠡᠭᠯᠡᠬᠦ ᠬᠡᠶ ᠶᠢᠨ ᠠᠮᠤᠷ ᠲᠦᠪᠰᠢᠨ ᠨᠢ ᠲᠦᠢᠯ ᠤᠨ ᠴᠢᠬᠤᠯᠠ ᠪᠠᠶᠢᠳᠠᠭ᠃ ᠰᠢᠲᠠᠮᠠᠬᠠᠶ ᠬᠡᠶ ᠶᠢᠨ ᠠᠳᠡᠯ ᠭᠠᠷᠬᠤ ᠶᠢ ᠰᠡᠷᠭᠡᠶᠢᠯᠡᠬᠦ ᠪᠠ ᠪᠠᠭᠠᠰᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠣᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠪᠥᠬᠦ ᠲᠤᠭᠤᠷᠢᠭ ᠤᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠳᠤ ᠰᠢᠲᠠᠮᠠᠬᠠᠶ ᠬᠡᠶ ᠬᠡᠷᠡᠭᠯᠡᠵᠦ ᠪᠠᠶᠢᠭ᠎ᠠ ᠠᠵᠤ ᠠᠬᠤᠶᠢᠯᠠᠯ ᠤᠨ ᠬᠤᠳᠠᠯᠳᠤᠭᠠᠴᠢᠨ ᠡᠷᠦᠬᠡ ᠶᠢ ᠡᠷᠬᠡᠪᠰᠢ ︽ᠠᠶᠤᠯᠭᠦᠶ ᠦᠢᠯᠡᠳᠪᠦᠷᠢᠯᠡᠯ ᠤᠨ ᠬᠠᠤᠯᠢ︾᠂ ︽ᠭᠠᠯ ᠤᠨᠲᠠᠷᠠᠭᠠᠬᠤ ᠬᠠᠤᠯᠢ︾᠂ ︽ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠰᠢᠲᠠᠮᠠᠬᠠᠶ ᠬᠡᠶ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃      ᠳᠥᠷᠪᠡ᠂ ᠰᠠᠬᠢᠯᠭ᠎ᠠ ᠪᠠᠲᠤ ᠶᠢ ᠴᠢᠩᠳᠠᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ︽ᠬᠤᠶᠠᠷ ᠪᠠᠶᠠᠷ︾ ᠤᠨ ᠬᠤᠭᠤᠴᠠᠭᠠᠨ ᠳᠠᠬᠢ ᠪᠠᠴᠢᠮ ᠪᠠᠶᠢᠳᠠᠯ ᠢ  ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠬᠦ ᠬᠡᠷᠡᠭᠲᠡᠶ      ︽ᠬᠤᠶᠠᠷ ᠪᠠᠶᠠᠷ︾ ᠤᠨ ᠬᠤᠭᠤᠴᠠᠭᠠᠨ ᠳᠤ᠂ ᠡᠯ᠎ᠡ ᠠᠵᠤ ᠦᠢᠯᠡᠳᠪᠦᠷᠢ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ᠂ ᠲᠣᠰᠣ ᠨᠡᠮᠡᠬᠦ ᠥᠷᠲᠡᠭᠡ᠂ ᠰᠢᠨ᠎ᠡ ᠮᠠᠰᠢᠨ ᠲᠡᠷᠭᠡ ᠪᠣᠷᠣᠯᠠᠭᠤᠯᠬᠤ ᠵᠡᠷᠭᠡ ᠠᠵᠤ ᠠᠬᠤᠶᠢᠯᠠᠯ ᠤᠳ ᠵᠢᠵᠢᠭᠦᠷ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠢᠵᠢᠭᠦᠷ ᠤᠨ ᠲᠦᠷᠢᠮ ᠪᠠ ᠤᠳᠤᠷᠢᠳᠤᠯᠭ᠎ᠠ ᠶᠢᠨ ᠡᠭᠡᠯᠵᠢ ᠳᠠᠭᠠᠭᠤᠯᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠡᠭᠡᠯᠵᠢ ᠳᠠᠭᠠᠭᠤᠯᠬᠤ ᠤᠳᠤᠷᠢᠳᠤᠯᠭ᠎ᠠ ᠪᠠ ᠵᠢᠵᠢᠭᠦᠷᠯᠡᠭᠴᠢ ᠶᠢᠨ 24 ᠴᠠᠭ ᠤᠨ ᠮᠡᠳᠡᠭᠡ ᠵᠠᠩᠭᠢ ᠶᠢᠨ ᠵᠠᠮ ᠮᠥᠷ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠬᠡᠷᠡᠭᠲᠡᠶ᠃ ᠠᠳᠡᠯ ᠪᠤᠶᠤ ᠲᠦᠭᠰᠢᠭᠦᠷᠢᠲᠦ ᠪᠠᠶᠢᠳᠠᠯ ᠭᠠᠷᠬᠤ ᠳᠤ ᠬᠦᠷᠪᠡᠯ᠂ ᠠᠶᠤᠯ ᠠᠴᠠ ᠠᠪᠤᠷᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠵᠤ᠂ ᠬᠥᠮᠦᠨ ᠤ ᠦᠬᠦᠯ ᠰᠢᠷᠬᠠᠲᠤᠯ ᠪᠠ ᠡᠳ᠋ ᠬᠦᠷᠦᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠪᠤᠰᠤᠳ ᠠᠰᠠᠭᠤᠳᠠᠯ ᠡᠭᠦᠰᠬᠦ ᠶᠢ ᠰᠡᠷᠭᠡᠶᠢᠯᠡᠬᠦ ᠬᠡᠷᠡᠭᠲᠡᠶ᠃ ᠠᠳᠡᠯ ᠤᠨ ᠮᠡᠳᠡᠭᠡ ᠵᠠᠩᠭᠢ ᠪᠠ ᠪᠤᠰᠤᠳ ᠴᠢᠬᠤᠯᠠ ᠮᠡᠳᠡᠭᠡ ᠵᠠᠩᠭᠢ ᠶᠢ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠶᠢ ᠦᠨᠡᠨᠬᠦ ᠪᠠᠲᠤᠯᠠᠬᠤ ᠬᠡᠷᠡᠭᠲᠡᠶ᠃      ᠬᠠᠷᠢᠯᠴᠠᠬᠤ ᠬᠥᠮᠦᠨ᠄ ᠨᠢᠶᠧ ᠷᠠᠨ ︵ᠠᠵᠤ ᠦᠢᠯᠡᠳᠪᠦᠷᠢ︶ 5687071      ᠸᠠᠩ ᠬᠤᠩ ︵ᠬᠤᠳᠠᠯᠳᠤᠭᠠᠨ ᠤ ᠶᠠᠪᠤᠳᠠᠯ︶ 3954727      ᠠᠯᠪᠠᠨ ᠭᠡᠷ᠄ ︵0471 — 6370175︶      ᠰᠢᠦᠳᠠᠨ ᠬᠠᠶᠢᠷᠴᠠᠭ᠄ yqqswj@163.com      ᠢᠦᠢ ᠴᠢᠤᠸᠠᠨ ᠲᠣᠭᠤᠷᠢᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ              2024 ᠣᠨ ᠤ 4 ᠳ᠋ᠤᠭᠡᠷ ᠰᠠᠷ᠎ᠠ ᠶᠢᠨ 22 ᠤᠨ ᠡᠳᠦᠷ         ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ        
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号