ᠰᠢᠶᠤᠤ ᠰᠢ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/26
     ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠬᠠᠮᠢᠶ᠎ᠠ ᠪᠥᠬᠦᠶ ᠮᠡᠳᠡᠯᠭᠡ ᠶᠢ ᠲᠦᠭᠡᠮᠡᠯᠵᠢᠭᠦᠯᠦᠨ᠂ ᠬᠠᠮᠠᠭᠠᠯᠠᠯᠲᠠ ᠶᠢᠨ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠬᠤ ᠶᠢᠨ ᠲᠥᠯᠥᠭᠡ᠂ ᠲᠦᠷᠦᠭᠦᠬᠡᠨ᠂ ᠢᠦᠶ ᠴᠢᠤᠸᠠᠨ ᠲᠣᠭᠤᠷᠢᠭ ᠤᠨ ᠰᠢᠶᠤᠤ ᠰᠢ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠲᠣᠰ ᠤᠳᠠᠭᠠᠨ ᠤ ᠠᠵᠢᠯᠯᠠᠭ᠎ᠠ ᠳᠤ ᠭᠤᠤᠯᠳᠠᠭᠤ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠲᠤᠤᠷᠵᠢᠭᠰᠠᠨ ᠰᠦᠯᠵᠢᠶᠡᠨ ᠤ ᠬᠠᠮᠢᠶᠠᠷᠤᠯᠲᠠ ᠶᠢᠨ ᠠᠵᠢᠯᠲᠠᠨ᠂ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ ᠠᠴᠠ ᠣᠯᠠᠨ ᠳᠤ ᠤᠯᠤᠰ ᠤᠨ ᠠᠮᠤᠷ ᠲᠦᠪᠰᠢᠨ ᠤ ᠮᠡᠳᠡᠯᠭᠡ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠵᠤ᠂ ᠰᠠᠭᠤᠭᠠᠯᠢ ᠠᠷᠠᠳ ᠲᠤ ᠨᠢᠭᠤᠷᠲᠠᠨ ᠤᠬᠠᠭᠤᠯᠪᠠ᠃ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠤᠯᠤᠰ ᠤᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠤᠯᠤᠰ ᠤᠨ ᠠᠮᠤᠷ ᠲᠦᠪᠰᠢᠨ ᠤ ᠴᠢᠬᠤᠯᠠ ᠠᠴᠢ ᠬᠤᠯᠪᠣᠭᠳᠠᠯ ᠢ ᠤᠬᠠᠭᠤᠯᠤᠭᠰᠠᠨ ᠮᠥᠷᠲᠡᠭᠡᠨ ᠬᠠᠷᠢᠶᠠᠲᠤ ᠣᠷᠣᠨ ᠤ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠤ ᠤᠬᠠᠮᠰᠠᠷ ᠢ ᠨᠢ ᠨᠡᠮᠡᠭᠳᠡᠭᠦᠯᠵᠦ᠂ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃
     ᠰᠢᠶᠤᠤ ᠰᠢ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠲᠣᠰ ᠤᠳᠠᠭᠠᠨ ᠤ ᠭᠤᠤᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠤᠯᠤᠰ ᠤᠨ ᠠᠮᠤᠷ ᠲᠦᠪᠰᠢᠨ ᠤ ᠮᠡᠳᠡᠯᠭᠡ ᠶᠢᠨ ᠲᠤᠬᠠᠶ ᠣᠶᠢᠯᠠᠭᠠᠯᠲᠠ ᠶᠢ ᠨᠡᠮᠡᠭᠳᠡᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠰᠠᠶᠢᠨ ᠦᠨᠡᠯᠡᠯᠲᠡ ᠶᠢ ᠣᠯᠵᠠᠶ᠂ ᠣᠯᠠᠨ ᠢᠶᠠᠷ ᠢᠶᠠᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠡᠶ᠎ᠡ ᠵᠣᠬᠢᠴᠠᠯ ᠲᠠᠢ᠂ ᠠᠮᠤᠷ ᠲᠦᠪᠰᠢᠨ᠂ ᠲᠣᠭᠲᠠᠭᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠥᠲᠥᠭᠡᠨ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠵᠡᠶ᠃              ᠢᠷᠡᠯᠲᠡ᠄ ︽ᠠᠮᠢᠵᠢᠷᠠᠯ ᠪᠢᠯᠬᠠᠭᠰᠠᠨ ᠢᠦᠢ ᠴᠢᠤᠸᠠᠨ︾ ᠸᠢᠴᠠᠲ ᠤᠨ ᠨᠡᠶᠢᠲᠡ ᠶᠢᠨ ᠳ᠋ᠤᠭᠠᠷ
 
ᠢᠷᠡᠯᠲᠡ᠄ ᠢᠦᠢ ᠴᠢᠤᠸᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13001758号-1号